ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠤᠷᠭᠠᠭᠤᠯᠢ ᠶᠢᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠬᠥᠳᠡᠯᠮᠦᠷᠢ ᠶᠢᠨ ᠬᠥᠮᠦᠵᠢᠯ ᠤᠨ ᠬᠢᠴᠢᠶᠡᠯ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ ᠤᠨ ᠨᠡᠶᠢᠳᠡᠯᠡᠯ
ᠨᠡᠶᠢᠲᠡᠯᠡᠭᠰᠡᠨ ᠴᠠᠭ᠄
2024/3/20
      ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠤᠨ ᠠᠵᠢᠯ ᠤᠨ ᠰᠠᠨᠠᠯ ᠵᠢᠴᠢ ᠠᠷᠭ᠎ᠠ ᠬᠡᠮᠵᠢᠶ᠎ᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠲᠠᠪᠤᠨ ᠬᠥᠮᠦᠵᠢᠯ︾᠎ ᠢ ᠵᠡᠷᠭᠡ ᠪᠠᠷ ᠴᠢᠬᠤᠯᠠᠴᠢᠯᠠᠵᠤ ᠰᠤᠷᠭᠠᠭᠤᠯᠢ ᠶᠢᠨ ᠰᠤᠷᠭᠠᠨ ᠬᠥᠮᠦᠵᠢᠯ ᠳᠤ ᠦᠨᠡᠨᠬᠦ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠰᠤᠷᠭᠠᠭᠤᠯᠢ ᠶᠢᠨ ᠪᠡᠶ᠎ᠡ ᠲᠠᠮᠢᠷ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠤᠨ ᠬᠢᠴᠢᠶᠡᠯ ᠤᠨ ᠶᠠᠰᠤ ᠴᠢᠨᠠᠷ ᠢ ᠴᠢᠩᠭᠠᠳᠬᠠᠨ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠶᠠᠮᠠᠷᠪᠠ ᠬᠢᠴᠢᠶᠡᠯ ᠲᠥᠷᠥᠯ ᠳᠤ ᠶᠠᠮᠠᠷᠪᠠ ᠰᠢᠯᠲᠠᠭ ᠢᠶᠠᠷ ᠪᠡᠶ᠎ᠡ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠤᠨ ᠬᠢᠴᠢᠶᠡᠯ ᠢ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠬᠢᠴᠢᠶᠡᠯ ᠤᠨ ᠬᠡᠪ ᠢᠶᠠᠷ ᠶᠠᠪᠤᠭᠳᠠᠬᠤ ᠶᠢ ᠪᠠᠲᠤᠯᠠᠵᠤ᠂ ᠲᠣᠭᠲᠠᠭᠠᠯ  ᠎ ᠠᠴᠠ ᠵᠥᠷᠢᠴᠡᠨ ᠬᠢᠴᠢᠶᠡᠯ ᠢ ᠡᠵᠡᠯᠡᠨ ᠬᠡᠷᠡᠭᠯᠡᠭᠰᠡᠨ ᠦᠶᠯᠡ ᠠᠵᠢᠯᠯᠠᠭ᠎ᠠ ᠶᠢ ᠡᠷᠡᠰ ᠰᠢᠢᠳᠪᠦᠷᠢᠯᠡᠨ᠎ᠡ᠃ ᠥᠷᠭᠡᠨ ᠣᠯᠠᠨ ᠰᠣᠷᠣᠭᠴᠢ᠂ ᠭᠡᠷ ᠤᠨ ᠠᠬᠠᠮᠠᠳ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠤᠰᠬᠠᠭᠰᠠᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠬᠥᠳᠡᠯᠮᠦᠷᠢ ᠶᠢᠨ ᠬᠢᠴᠢᠶᠡᠯ ᠢ ᠰᠢᠬᠠᠨ ᠡᠵᠡᠯᠡᠭᠰᠡᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠥᠨᠳᠥᠷ ᠪᠢᠰᠢ ᠵᠡᠷᠭᠡ ᠬᠠᠮᠢᠶ᠎ᠠ ᠪᠦᠬᠦᠢ ᠠᠰᠠᠭᠤᠳᠠᠯ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠢᠯᠡ ᠨᠡᠶᠢᠲᠡᠯᠡᠵᠦ ᠪᠤᠢ᠃       ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨᠠᠯᠲᠠ ᠲᠠᠯᠪᠢᠬᠤ ᠤᠲᠠᠰᠤ᠄ 0479 ︱ 8263942       ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨᠠᠯᠲᠠ ᠲᠠᠯᠪᠢᠬᠤ ᠤᠲᠠᠰᠤ᠄ 0479 ︱ 3521816  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号