ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ | ᠦᠨᠡᠨᠴᠢ ᠢᠲᠡᠭᠡᠮᠵᠢ ᠶᠢ ᠠᠬᠢᠭᠤᠯᠬᠤ ᠵᠢᠷᠭᠤᠭᠠᠨ ᠲᠤᠰᠬᠠᠢ ᠠᠵᠢᠯᠯᠠᠭ᠎ᠠ ᠶᠢ ᠭᠤᠣᠯᠳᠠᠯᠭ᠎ᠠ ᠲᠠᠢ ᠥᠷᠨᠢᠭᠦᠯᠬᠦ ᠪᠠᠷ ᠪᠤᠢ᠃ | | ᠵᠢᠷᠭᠤᠭᠠᠨ ᠲᠤᠰᠬᠠᠢ ᠠᠵᠢᠯᠯᠠᠭ᠎ᠠ ᠨᠢ ᠲᠣᠰ ᠲᠣᠰ᠄ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ | ᠳᠡᠯᠭᠡᠭᠦᠷ ᠤᠨ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠬᠥᠮᠥᠨ ᠤ ᠬᠦᠴᠦᠨ ᠤ ᠡᠬᠢ | ᠪᠠᠶᠠᠯᠢᠭ ᠤᠨ ᠵᠠᠬ᠎ᠠ ᠳᠡᠯᠭᠡᠭᠦᠷ ᠤᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠦᠷᠭᠦᠯᠵᠢᠯᠡᠨᠴᠡᠪᠡᠷᠯᠡᠨ ᠴᠡᠭᠴᠡᠯᠡᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠦᠨᠡᠨᠴᠢ ᠢᠲᠡᠭᠡᠮᠵᠢᠲᠡᠢ ᠬᠠᠤᠯᠢ ᠶᠢ ᠰᠠᠬᠢᠬᠤ ᠤᠬᠠᠮᠰᠠᠷ ᠢ ᠨᠡᠮᠡᠭᠳᠡᠭᠦᠯᠦᠨ᠎ᠡ︔ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠦᠨᠡᠨᠴᠢ ᠢᠲᠡᠭᠡᠮᠵᠢ ᠶᠢ ᠠᠬᠢᠭᠤᠯᠬᠤ | ᠠᠵᠢᠯᠯᠠᠭ᠎ᠠ ᠶᠢ ᠥᠷᠨᠢᠭᠦᠯᠵᠦ᠂ ᠠᠵᠢᠯᠲᠠᠨ ᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠤᠨ᠂ ᠠᠵᠢᠯ | ᠦᠢᠯᠡᠰ ᠤᠨ ᠨᠢᠭᠡᠴᠢ ᠶᠢᠨ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠤᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠢᠲᠡᠭᠡᠮᠵᠢ ᠲᠠᠢ | ᠪᠠᠶᠢᠬᠤ ᠶᠢ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ᠂ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠤ ᠦᠨᠡᠨᠴᠢ ᠢᠲᠡᠭᠡᠮᠵᠢᠲᠡᠢ ᠪᠠᠷ ᠲᠤᠰᠢᠶᠠᠯ ᠢᠶᠠᠨ ᠭᠦᠢᠴᠡᠳᠬᠡᠬᠦ ᠤᠬᠠᠮᠰᠠᠷ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠬᠥᠳᠡᠯᠮᠦᠷᠢ ᠶᠢᠨ ᠬᠦᠴᠦᠨ ᠢ ᠬᠡᠷᠡᠭᠯᠡᠬᠦ ᠬᠦᠷᠢᠶᠡᠨ ᠳᠠᠬᠢ ᠦᠨᠡᠨᠴᠢ | ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠬᠥᠳᠡᠯᠮᠦᠷᠢ ᠶᠢᠨ ᠭᠡᠷ᠎ᠡ ᠠᠴᠠ ᠵᠥᠷᠢᠴᠡᠬᠦ᠂ ᠴᠠᠯᠢᠩ | ᠥᠷᠢᠲᠦᠬᠦ ᠵᠡᠷᠭᠡ ᠬᠠᠤᠯᠢ ᠠᠴᠠ ᠵᠥᠷᠢᠴᠡᠨ ᠠᠵᠢᠯᠴᠢᠨ ᠬᠡᠷᠡᠭᠯᠡᠬᠦ ᠠᠵᠢᠯᠯᠠᠭ᠎ᠠ ᠨᠤᠭᠤᠳ ᠲᠤ ᠠᠩᠬᠠᠷᠤᠯ ᠢᠶᠠᠨ | ᠲᠥᠪᠯᠡᠷᠡᠭᠦᠯᠦᠨ ᠴᠡᠭᠴᠡᠯᠡᠨ ᠵᠠᠰᠠᠵᠤ᠂ ᠬᠥᠳᠡᠯᠮᠦᠷᠢ ᠶᠢᠨ ᠪᠠᠲᠤᠯᠠᠭ᠎ᠠ ᠶᠢᠨ ᠦᠨᠡᠨᠴᠢ ᠢᠲᠡᠭᠡᠮᠵᠢ ᠶᠢᠨ ᠵᠡᠷᠭᠡ ᠳᠡᠰ ᠤᠨ | ᠦᠨᠡᠯᠡᠯᠲᠡ ᠶᠢ ᠪᠠᠶᠢᠭᠤᠯᠵᠤ᠂ ᠬᠥᠮᠥᠨ ᠬᠡᠷᠡᠭᠯᠡᠬᠦ ᠨᠢᠭᠡᠴᠢ ᠶᠢᠨ ᠥᠪᠡᠷ ᠢ ᠪᠠᠨ ᠵᠢᠷᠤᠮᠵᠢᠭᠤᠯᠬᠤ᠂ ᠥᠪᠡᠷ ᠢ ᠪᠠᠨ | ᠬᠢᠵᠠᠭᠠᠷᠯᠠᠬᠤ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ᠂ ᠤᠬᠠᠮᠰᠠᠷ ᠠᠴᠠ ᠪᠠᠨ ᠬᠠᠤᠯᠢ ᠶᠢ ᠰᠠᠬᠢᠬᠤ ᠶᠢ | ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ︔ ᠨᠡᠶᠢᠭᠡᠮ ᠤᠨ ᠳᠠᠭᠠᠳᠬᠠᠯ ᠤᠨ ᠣᠯᠭᠤᠮᠵᠢ ᠭᠤᠶᠤᠴᠢᠯᠠᠨ | ᠠᠪᠬᠤ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠳᠠᠭᠠᠳᠬᠠᠯ ᠮᠡᠬᠡᠯᠡᠬᠦ ᠶᠢ ᠲᠤᠰᠬᠠᠶᠢᠯᠠᠨ | ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠣᠯᠠᠨ ᠬᠡᠯᠪᠡᠷᠢ ᠶᠢᠨ ᠨᠡᠶᠢᠭᠡᠮ ᠤᠨ ᠳᠠᠭᠠᠳᠬᠠᠯ ᠤᠨ | ᠰᠠᠭᠤᠷᠢ ᠮᠥᠩᠭᠦᠨ ᠤ ᠮᠡᠬᠡᠯᠡᠨ ᠬᠢᠬᠠᠬᠤ ᠶᠢ ᠡᠰᠡᠷᠭᠦᠴᠡᠬᠦ ᠤᠬᠠᠭᠤᠯᠭ᠎ᠠ ᠪᠠ ᠰᠡᠷᠡᠮᠵᠢᠯᠡᠭᠦᠯᠬᠦ ᠬᠥᠮᠦᠵᠢᠯ ᠢ | ᠥᠷᠨᠢᠭᠦᠯᠵᠦ᠂ ᠠᠷᠠᠳ ᠣᠯᠠᠨ ᠤ ︽ᠨᠠᠰᠤᠵᠢᠯ ᠤᠨ ᠠᠰᠠᠷᠠᠮᠵᠢ ᠶᠢᠨ ᠮᠥᠩᠭᠦ︾ ︽ᠠᠮᠢ ᠪᠠᠨ ᠬᠠᠮᠠᠭᠠᠯᠠᠬᠤ ᠮᠥᠩᠭᠦ︾ ᠶᠢ | ᠰᠠᠶᠢᠲᠤᠷ ᠰᠠᠬᠢᠨ ᠬᠠᠮᠠᠭᠠᠯᠠᠨ᠎ᠠ︔ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠦᠨᠡᠯᠡᠯᠲᠡ ᠶᠢᠨ | ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠯᠡᠯᠲᠡ ᠶᠢᠨ ᠶᠠᠪᠤᠴᠠ ᠶᠢᠨ | ᠬᠢᠨᠠᠯᠲᠠ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠢᠲᠡᠭᠡᠮᠵᠢ ᠶᠢᠨ ᠱᠠᠩᠨᠠᠵᠤ ᠲᠣᠷᠭᠠᠬᠤ ᠲᠣᠭᠲᠠᠴᠠ ᠶᠢ | ᠪᠠᠶᠢᠭᠤᠯᠵᠤ᠂ ᠢᠲᠡᠭᠡᠯ ᠠᠯᠳᠠᠪᠠᠯ ᠤᠬᠤᠷᠢᠨ ᠭᠠᠷᠬᠤ ᠲᠣᠭᠲᠠᠴᠠ ᠶᠢ ᠲᠣᠳᠣᠷᠬᠠᠶᠢᠯᠠᠨ᠂ ᠢᠲᠡᠭᠡᠮᠵᠢ ᠶᠢᠨ ᠲᠠᠰ | ᠬᠤᠪᠢᠶᠠᠨ ᠬᠢᠨᠠᠨ ᠬᠠᠮᠢᠶᠠᠷᠬᠤ ᠳᠦᠷᠢᠮ ᠢ ᠬᠡᠷᠡᠭᠵᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ | ᠪᠠ ᠦᠨᠡᠯᠡᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︔ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠠᠮᠠᠯᠠᠯᠲᠠ ᠪᠠᠨ ᠭᠦᠢᠴᠡᠳᠬᠡᠵᠦ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ | ᠥᠷᠨᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠣᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠵᠤ᠂ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾ | ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠤᠨ᠂ ᠠᠵᠢᠯ ᠲᠥᠷᠥᠯ ᠤᠨ ᠰᠤᠷᠲᠠᠯ ᠵᠠᠰᠠᠭ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠮᠠᠯᠠᠯᠲᠠ ᠪᠠᠨ ᠪᠣᠳᠠᠲᠠᠢ ᠪᠠᠷ ᠪᠡᠶᠡᠯᠡᠭᠦᠯᠬᠦ ᠶᠢ ᠦᠨᠡᠨ ᠬᠦ | ᠪᠠᠲᠤᠯᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ | ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠢ ᠶᠢᠩ ᠵᠢᠶᠦ᠋ᠨ | ᠢᠯᠡᠷᠬᠡᠶᠢᠯᠡᠬᠦ ᠳᠤ ᠪᠠᠨ᠂ ᠪᠢᠳᠡ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ ᠲᠣᠪᠣᠶᠢᠮ᠎ᠠ | ᠠᠰᠠᠭᠤᠳᠠᠯ ᠢ ᠴᠢᠩᠭ᠎ᠠ ᠠᠩᠬᠠᠷᠴᠤ ᠲᠥᠪᠯᠡᠷᠡᠭᠦᠯᠦᠨ ᠪᠣᠭᠤᠮᠲᠠ ᠰᠢᠪᠲᠤᠯᠵᠤ᠂ ᠠᠯᠢ ᠣᠯᠠᠨ ᠪᠣᠳᠠᠲᠠᠢ ᠶᠢ | ᠡᠷᠬᠢᠮᠯᠡᠭᠰᠡᠨ ᠪᠦᠲᠦᠮᠵᠢᠲᠡᠶ ᠠᠷᠭ᠎ᠠ ᠪᠠᠷᠢᠯ ᠢᠶᠠᠷ ᠳᠠᠮᠵᠢᠭᠤᠯᠤᠨ᠂ ᠪᠥᠬᠦ ᠰᠢᠰᠲ᠋ᠧᠮ ᠤᠨ ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ | ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠥᠮᠥᠨ ᠪᠦᠬᠦᠨ ᠦᠨᠡᠨᠴᠢ | ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ ᠵᠥᠪ ᠲᠠᠯ᠎ᠠ ᠶᠢᠨ ᠳᠦᠷᠢ ᠲᠥᠷᠬᠦ ᠶᠢ ᠪᠣᠶ ᠪᠣᠯᠭᠠᠨ᠎ᠠ ᠭᠡᠵᠡᠢ᠃ | |