ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠷᠠᠭᠤᠨ ᠦᠵᠦᠮᠦᠴᠢᠨ ᠬᠤᠰᠢᠭᠤᠨ ᠳᠤ ᠭᠦᠨᠵᠡᠭᠡᠶᠢᠷᠡᠨ ᠠᠳᠤᠭᠤᠨ ᠤ ᠠᠵᠤ ᠦᠢᠯᠡᠰ ᠤᠨ ᠬᠥᠭᠵᠢᠯᠲᠡ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/20
    3 ᠰᠠᠷ᠎ᠠ ᠶᠢᠨ 16 ᠤ ᠡᠳᠦᠷ᠂ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠷᠠᠭᠤᠨ ᠦᠵᠦᠮᠦᠴᠢᠨ ᠬᠤᠰᠢᠭᠤᠨ ᠳᠤ ᠭᠦᠨᠵᠡᠭᠡᠶᠢᠷᠡᠨ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ ᠪᠠ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠬᠡᠯᠪᠡᠷᠢ ᠪᠠᠷ ᠮᠠᠨ ᠤ ᠬᠤᠰᠢᠭᠤᠨ ᠤ ᠠᠳᠤᠭᠤᠨ ᠤ ᠠᠵᠤ ᠦᠢᠯᠡᠰ ᠤᠨ ᠬᠥᠭᠵᠢᠯᠲᠡ ᠶᠢ ᠪᠠᠶᠢᠴᠠᠭᠠᠨ ᠰᠤᠳᠤᠯᠪᠠ᠃    ᠡᠩ ᠲᠡᠷᠢᠭᠦᠨ ᠳᠤ᠂ ᠠᠶᠢᠮᠠᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠨᠢ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠶᠢᠨ ᠳᠠᠭᠠᠭᠤᠯᠭ᠎ᠠ ᠳᠣᠣᠷ᠎ᠠ ᠲᠣᠰ ᠲᠣᠰ ᠴᠠᠭᠠᠨ ᠠᠳᠤᠭᠤᠨ ᠤ ᠰᠣᠶᠣᠯ ᠤᠨ ᠬᠦᠷᠢᠶᠡᠯᠡᠩ ᠪᠠ ᠡᠷ᠎ᠡ ᠶᠢᠨ ᠭᠤᠷᠪᠠᠨ ᠨᠠᠭᠠᠳᠤᠮ ᠮᠦᠽᠧᠢ ᠳᠤ ᠭᠦᠨᠵᠡᠭᠡᠶᠢᠷᠡᠨ᠂ ᠠᠳᠤᠭᠤᠨ ᠰᠣᠶᠣᠯ ᠬᠢᠭᠡᠳ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠭᠰᠡᠨ ᠪᠠ ᠠᠳᠤᠭᠤᠨ ᠰᠣᠶᠣᠯ ᠤᠨ ᠦᠵᠡᠭᠦᠯᠦᠯᠭᠡ ᠶᠢᠨ ᠲᠢᠩᠬᠢᠮ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠣᠶᠢᠯᠠᠭᠠᠪᠠ᠃ ᠳᠠᠷᠠᠭ᠎ᠠ ᠨᠢ᠂ ᠠᠶᠢᠮᠠᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠨᠢ  ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ ᠵᠢᠴᠢ ᠠᠳᠤᠭᠤᠨ ᠤ ᠠᠵᠤ ᠦᠢᠯᠡᠰ ᠤᠨ ᠠᠵᠤ ᠠᠬᠤᠶᠢᠯᠠᠯ ᠪᠣᠯᠣᠨ ᠬᠠᠮᠢᠶ᠎ᠠ ᠪᠦᠬᠦᠢ ᠬᠥᠮᠥᠰ ᠲᠠᠢ ᠶᠠᠷᠢᠯᠴᠠᠨ ᠰᠣᠯᠢᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠨᠢ ᠪᠠᠷᠠᠭᠤᠨ ᠦᠵᠦᠮᠦᠴᠢᠨ ᠬᠤᠰᠢᠭᠤᠨ ᠤ ᠠᠳᠤᠭᠤᠨ ᠤ ᠠᠵᠤ ᠦᠢᠯᠡᠰ ᠤᠨ ᠤᠬᠠᠭᠤᠯᠭ᠎ᠠ ᠶᠢᠨ ᠹᠢᠯᠢᠮ ᠢ ᠦᠵᠡᠵᠦ᠂ ᠮᠠᠨ ᠤ ᠬᠤᠰᠢᠭᠤᠨ ᠤ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠰᠢᠭᠤᠨ ᠤ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠦᠨᠳᠦᠰᠦᠨ ᠪᠠᠶᠢᠳᠠᠯ᠂ ᠬᠥᠭᠵᠢᠯᠲᠡ ᠶᠢᠨ ᠬᠡᠪ ᠵᠠᠭᠪᠤᠷ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠶᠢ ᠭᠦᠢᠴᠡᠳ ᠣᠶᠢᠯᠠᠭᠠᠪᠠ᠃
    ᠪᠠᠶᠢᠴᠠᠭᠠᠨ ᠰᠤᠳᠤᠯᠬᠤ ᠳᠤᠭᠤᠶᠢᠯᠠᠩ ᠨᠢ ᠮᠠᠨ ᠤ ᠬᠤᠰᠢᠭᠤᠨ ᠤ ᠣᠳᠣ ᠦᠶ᠎ᠡ ᠶᠢᠨ ᠠᠳᠤᠭᠤᠨ ᠤ ᠠᠵᠤ ᠦᠢᠯᠡᠰ ᠤᠨ ᠬᠥᠭᠵᠢᠯᠲᠡ ᠪᠠ ᠮᠣᠩᠭᠤᠯ ᠠᠳᠤᠭᠤᠨ ᠤ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠲᠠᠯ᠎ᠠ ᠪᠠᠷ ᠬᠢ ᠴᠢᠷᠮᠠᠶᠢᠯᠭ᠎ᠠ ᠶᠢ ᠭᠦᠢᠴᠡᠳ ᠨᠤᠲᠠᠯᠠᠵᠤ᠂ ᠬᠠᠮᠠᠭᠠᠯᠠᠯᠲᠠ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠦᠵᠦᠮᠦᠴᠢᠨ ᠰᠡᠷᠡᠯ ᠮᠣᠷᠢᠨ ᠤ ᠤᠳᠤᠮᠰᠢᠯ ᠤᠨ ᠡᠬᠢ ᠪᠠᠶᠠᠯᠢᠭ ᠢ ᠬᠡᠷᠬᠢᠨ ᠪᠦᠲᠦᠮᠵᠢᠲᠡᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠨᠡᠭᠡᠭᠡᠨ ᠠᠰᠢᠭᠯᠠᠬᠤ ᠵᠡᠷᠭᠡ ᠲᠠᠯ᠎ᠠ ᠶᠢᠨ ᠠᠰᠠᠭᠤᠳᠠᠯ ᠲᠠᠢ ᠤᠶᠠᠯᠳᠤᠭᠤᠯᠤᠨ ᠂ ᠪᠥᠬᠦ ᠲᠠᠯ᠎ᠠ ᠪᠠᠷ ᠵᠠᠳᠠᠯᠤᠨ ᠰᠢᠨᠵᠢᠯᠡᠵᠦ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠪᠠ᠃     ᠪᠠᠶᠢᠴᠠᠭᠠᠨ ᠰᠤᠳᠤᠯᠬᠤ ᠳᠤᠭᠤᠶᠢᠯᠠᠩ ᠴᠢᠬᠤᠯᠠᠴᠢᠯᠠᠭᠰᠠᠨ ᠨᠢ᠂ ᠦᠵᠦᠮᠦᠴᠢᠨ ᠴᠠᠭᠠᠨ ᠠᠳᠤᠭᠤᠨ ᠤ ᠰᠣᠶᠣᠯ ᠤᠨ ᠰᠠᠭᠤᠷᠢ ᠭᠦᠨ ᠵᠤᠵᠠᠭᠠᠨ᠂ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠳᠠᠭ ᠪᠣᠯᠬᠤᠷ ᠦᠵᠦᠮᠦᠴᠢᠨ  ᠴᠠᠭᠠᠨ ᠠᠳᠤᠭᠤᠨ ᠤ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ ᠣᠲᠣ ᠦᠶ᠎ᠡ ᠶᠢᠨ ᠠᠳᠤᠭᠤᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠠᠳᠤᠭᠤᠨ ᠤ ᠰᠣᠶᠣᠯ ᠤᠨ ᠤᠷᠤᠯᠳᠤᠭᠠᠨ ᠵᠢᠴᠢ ᠰᠣᠶᠣᠯ ᠵᠢᠭᠤᠯᠴᠢᠯᠠᠯ ᠢᠶᠠᠷ ᠬᠥᠲᠥᠯᠥᠨ ᠳᠠᠭᠠᠭᠤᠯᠵᠤ ᠳᠠᠶᠢᠴᠢᠯᠠᠬᠤ ᠪᠠᠷ ᠳᠠᠮᠵᠢᠭᠤᠯᠤᠨ᠂ ᠠᠳᠤᠭᠤᠨ ᠤ ᠠᠵᠤ ᠦᠢᠯᠡᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠪᠣᠶᠢᠵᠢᠭᠤᠯᠤᠨ᠂ ᠪᠣᠳᠠᠰ ᠤᠨ ᠪᠠ ᠣᠶᠤᠨ ᠤ ᠰᠣᠶᠣᠯ ᠤᠨ ᠬᠡᠷᠡᠭᠴᠡᠭᠡ ᠶᠢ ᠠᠬᠢᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ‍ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号