ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠶᠠᠳᠤᠭᠠᠷ ᠰᠢᠯᠭᠠᠨ ᠦᠨᠡᠯᠡᠬᠦ ᠳᠤᠭᠤᠶᠢᠯᠠᠩ ᠦᠨᠳᠦᠰᠦᠨ ᠱᠠᠲᠤᠨ ᠳᠤ ᠭᠦᠨᠵᠡᠭᠡᠶᠢᠷᠡᠵᠦ 2023 ᠣᠨ ᠤ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠯᠭᠠᠨ ᠦᠨᠡᠯᠡᠯᠲᠡ ᠶᠢ ᠥᠷᠨᠢᠭᠦᠯᠪᠡ
ᠨᠡᠶᠢᠲᠡᠯᠡᠭᠰᠡᠨ ᠴᠠᠭ᠄
2024/3/20
    3 ᠰᠠᠷ᠎ᠠ ᠶᠢᠨ 15 ᠤ ᠡᠳᠦᠷ ᠠᠴᠠ 18 ᠤ ᠡᠳᠦᠷ ᠪᠣᠯᠲᠠᠯ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠡᠷᠳᠡᠨᠢᠰᠦᠷᠦᠭ ᠬᠤᠶᠠᠳᠤᠭᠠᠷ ᠰᠢᠯᠭᠠᠨ ᠦᠨᠡᠯᠡᠬᠦ ᠠᠵᠢᠯ ᠤᠨ ᠳᠤᠭᠤᠶᠢᠯᠠᠩ ᠢ ᠳᠠᠭᠠᠭᠤᠯᠤᠨ ᠤᠷᠢᠳ ᠬᠤᠵᠢᠳ ᠪᠠᠶᠠᠨᠬᠤᠸᠠ ᠪᠠᠯᠭᠠᠰᠤ ᠂ ᠭᠤᠷᠤᠬᠠᠨ ᠪᠠᠯᠭᠠᠰᠤ᠂ ᠤᠯᠠᠭᠠᠨᠬᠠᠯᠠᠭ᠎ᠠ ᠰᠤᠮᠤᠨ ᠳᠤ ᠬᠦᠷᠴᠦ 2023 ᠣᠨ ᠤ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠯᠭᠠᠨ ᠦᠨᠡᠯᠡᠯᠲᠡ ᠶᠢ ᠥᠷᠨᠢᠭᠦᠯᠪᠡ᠃     ᠰᠢᠯᠭᠠᠨ ᠦᠨᠡᠯᠡᠬᠦ ᠠᠵᠢᠯ ᠤᠨ ᠳᠤᠭᠤᠶᠢᠯᠠᠩ ᠡᠩ ᠲᠡᠷᠢᠭᠦᠨ ᠳᠤ ᠡᠯ᠎ᠡ ᠰᠤᠮᠤ ᠪᠠᠯᠭᠠᠰᠤ ᠶᠢᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠢᠯᠴᠠᠬᠤ ᠥᠷᠲᠡᠭᠡ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠢᠯᠴᠠᠬᠤ ᠴᠡᠭ︾ ᠤᠨ ᠪᠠᠶᠢᠭᠤᠯᠤᠯᠲᠠ ᠪᠠ ᠠᠵᠢᠯ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠤᠮᠤ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠦᠢᠯᠡᠳᠦᠭᠰᠡᠨ ᠸᠢᠳᠢᠤ᠋ ᠶᠢ ᠦᠵᠡᠵᠦ᠂ ᠰᠤᠮᠤ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ 2023 ᠣᠨ ᠳᠤ ᠣᠯᠣᠭᠰᠠᠨ ᠠᠵᠢᠯ ᠤᠨ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃ ᠳᠠᠷᠠᠭ᠎ᠠ ᠪᠠᠷ ᠨᠢ ᠡᠯ᠎ᠡ ᠰᠤᠮᠤ ᠪᠠᠯᠭᠠᠰᠤᠨ ᠤ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠭᠰᠡᠨ ᠪᠥᠭᠡᠳ ᠪᠣᠳᠠᠲᠠᠢ ᠪᠠᠶᠢᠳᠠᠯ ᠢ ᠦᠨᠳᠦᠰᠦᠯᠡᠨ ᠬᠤᠪᠢ ᠥᠭᠪᠡ᠃     ᠰᠢᠯᠭᠠᠨ ᠦᠨᠡᠯᠡᠬᠦ ᠠᠵᠢᠯ ᠤᠨ ᠳᠤᠭᠤᠶᠢᠯᠠᠩ ᠨᠢ ᠡᠯ᠎ᠡ ᠰᠤᠮᠤ ᠪᠠᠯᠭᠠᠰᠤ ᠶᠢᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠢᠯᠴᠠᠬᠤ ᠥᠷᠲᠡᠭᠡ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠢᠯᠴᠠᠬᠤ ᠴᠡᠭ︾ ᠤᠨ ᠪᠠᠶᠢᠭᠤᠯᠤᠯᠲᠠ᠂ ᠠᠵᠢᠯᠯᠠᠭᠠᠨ᠂ ᠬᠠᠮᠢᠶᠠᠷᠤᠯᠲᠠ ᠶᠢᠨ ᠪᠠᠶᠢᠳᠠᠯ ᠢ ᠭᠦᠢᠴᠡᠳ ᠨᠤᠲᠠᠯᠠᠬᠤ ᠶᠢᠨ ᠬᠠᠮᠲᠤ ᠬᠤᠶᠢᠰᠢᠳᠠ ᠶᠢᠨ ᠠᠵᠢᠯ ᠳᠤ ᠵᠢᠯᠤᠭᠤᠳᠬᠤ ᠰᠠᠨᠠᠯ ᠳᠤᠷᠠᠳᠪᠠ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ‍ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号