ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠳ᠋ᠤᠭᠡᠷ ᠵᠠᠰᠠᠮᠠᠯ ᠵᠠᠮ︾ ᠤᠨ ᠡᠬᠢᠯᠡᠯᠲᠡ ᠶᠢᠨ ᠴᠡᠭ ᠤᠨ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠲᠤᠬᠠᠢ ᠢᠯᠡ ᠵᠠᠷᠯᠠᠯ
ᠨᠡᠶᠢᠲᠡᠯᠡᠭᠰᠡᠨ ᠴᠠᠭ᠄
2024/3/20
     ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠶᠢᠨ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ ︵ᠬᠥᠭᠵᠢᠭᠦᠯᠦᠯᠲᠡ ᠥᠭᠡᠷᠡᠴᠢᠯᠡᠯᠲᠡ ᠪᠡᠯᠡ ᠣᠷᠣᠭᠤᠯᠤᠯᠲᠠ ᠦᠰᠦᠭ 〔2012〕 2492 ᠳ᠋ᠤᠭᠠᠷ ᠲᠣᠭᠠᠲᠤ︶ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ︽ᠰᠢᠯᠢ ᠶᠢᠨ ᠭᠤᠣᠯ ᠠᠶᠢᠮᠠᠭ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠢ ᠬᠡᠷᠡᠭᠵᠢᠭᠦᠯᠬᠦ ᠨᠠᠷᠢᠨ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠳ᠋ᠤᠭᠡᠷ ᠨᠣᠮᠧᠷᠲᠤ ᠵᠠᠰᠠᠮᠠᠯ ᠵᠠᠮ︾ ᠤᠨ ᠡᠬᠢᠯᠡᠯᠲᠡ ᠶᠢᠨ ᠴᠡᠭ ᠤᠨ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠢᠯᠡ ᠨᠡᠶᠢᠲᠡᠯᠡᠵᠦ᠂ ᠲᠣᠰ ᠲᠥᠷᠥᠯ ᠵᠦᠢᠯ ᠤᠨ ᠲᠤᠬᠠᠢ ᠣᠯᠠᠨ ᠨᠡᠶᠢᠲᠡ ᠶᠢᠨ ᠰᠠᠨᠠᠯ ᠢ ᠬᠤᠷᠢᠶᠠᠨ᠎ᠠ᠃     ᠳᠦᠷᠦᠯ ᠵᠦᠢᠯ ᠤᠨ ᠤᠨ ᠲᠣᠶᠢᠮᠣ ᠪᠠᠶᠢᠳᠠᠯ     1. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ᠄ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ     2. ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠤᠭᠤᠴᠠᠭ᠎ᠠ᠄ 2024 ᠣᠨ ᠤ 4 ᠰᠠᠷ᠎ᠠ ︱ 2025 ᠣᠨ ᠤ 4 ᠰᠠᠷ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ᠄ 13 ᠰᠠᠷ᠎ᠠ᠃     3. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠄ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤ       4. ᠪᠦᠲᠦᠭᠡᠨ ᠪᠠᠶᠢᠭᠤᠯᠬᠤ ᠬᠡᠪᠴᠢᠶ᠎ᠡ ᠪᠣᠯᠣᠨ ᠭᠤᠣᠯ ᠪᠣᠯᠬᠤ ᠪᠦᠲᠦᠭᠡᠨ ᠪᠠᠶᠢᠭᠤᠯᠬᠤ ᠠᠭᠤᠯᠭ᠎ᠠ᠄ ᠲᠥᠷᠥᠯ ᠵᠦᠢᠯ ᠤᠨ ᠡᠵᠡᠯᠡᠬᠦ ᠲᠠᠯᠠᠪᠠᠢ ᠨᠢ 13070 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ ᠨᠢ 241.66 ᠲᠡᠭᠰᠢ ᠳᠥᠷᠪᠡᠯᠵᠢᠨ  ᠮᠧᠲᠷ᠂ ᠨᠢᠭᠡ ᠳᠠᠪᠬᠤᠷ ᠵᠤᠭᠠᠴᠠᠭᠰᠠᠳ ᠤᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ ᠳᠣᠲᠣᠷ᠎ᠠ ᠨᠢ ᠵᠣᠴᠢᠯᠠᠬᠤ ᠲᠢᠩᠬᠢᠮ᠂ ᠠᠷᠢᠭᠤᠨ ᠴᠡᠪᠡᠷ ᠤᠨ ᠲᠠᠰᠤᠯᠭ᠎ᠠ ᠵᠡᠷᠭᠡ ᠶᠢ ᠲᠣᠬᠢᠷᠠᠭᠤᠯᠤᠨ᠎ᠠ᠃ ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ 72 ᠲᠡᠷᠭᠡᠨ ᠵᠣᠭᠰᠣᠭᠠᠯ᠂ 18 ᠴᠠᠬᠢᠯᠭᠠᠨ ᠴᠡᠨᠡᠭᠯᠡᠬᠦ ᠱᠣᠩ ᠲᠣᠬᠢᠷᠠᠭᠤᠯᠤᠨ᠎ᠠ  ᠃ ᠬᠠᠲᠠᠭᠤᠷᠠᠭᠤᠯᠬᠤ᠂ ᠨᠣᠭᠤᠭᠠᠷᠠᠭᠤᠯᠬᠤ᠂ ᠤᠰᠤ ᠬᠠᠩᠭᠠᠬᠤ ᠤᠰᠤ ᠵᠠᠯᠠᠬᠤ᠂ ᠴᠠᠬᠢᠯᠭᠠᠨ ᠬᠠᠩᠭᠠᠬᠤ᠂ ᠭᠡᠷᠡᠯᠳᠦᠭᠦᠯᠬᠦ᠂ ᠭᠠᠯ ᠤᠨᠲᠠᠷᠠᠭᠠᠬᠤ᠂ ᠬᠤᠳᠳᠤᠭ ᠮᠠᠯᠲᠠᠬᠤ ᠵᠡᠷᠭᠡ ᠳᠠᠭᠠᠯᠲᠠ ᠪᠠᠷᠢᠯᠭ᠎ᠠ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃     5. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠪᠠ ᠡᠭᠦᠷᠭᠡ᠄ ᠲᠣᠰ ᠲᠥᠷᠥᠯ ᠵᠦᠢᠯ ᠨᠢ ᠲᠠᠯ᠎ᠠ ᠨᠤᠲᠤᠭ ᠵᠡᠷᠭᠡ ᠭᠤᠣᠯᠳᠠᠯᠭ᠎ᠠ ᠲᠠᠢ ᠦᠵᠡᠮᠵᠢ ᠳᠤ ᠲᠦᠰᠢᠭᠯᠡᠨ᠂ ᠪᠠᠷᠠᠭᠤᠨ ᠦᠵᠦᠮᠦᠴᠢᠨ ᠬᠤᠰᠢᠭᠤᠨ ᠤ ᠪᠥᠬᠦ ᠴᠠᠷᠠᠭᠠᠨ ᠤ ᠵᠢᠭᠤᠯᠴᠢᠯᠠᠯ ᠤᠨ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠪᠥᠬᠦ ᠴᠠᠷᠠᠭᠠᠨ ᠤ ᠵᠢᠭᠤᠯᠴᠢᠯᠠᠯ ᠤᠨ ᠨᠢᠭᠡ ᠥᠷᠲᠡᠭᠡ ᠮᠠᠶ᠋ᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠭᠤᠯᠴᠢᠯᠠᠯ ᠤᠨ ᠭᠥᠯᠢᠶᠡᠨ ᠠᠪᠬᠤ᠂ ᠲᠥᠪᠯᠡᠷᠡᠭᠦᠯᠵᠦ ᠲᠠᠷᠬᠠᠭᠠᠬᠤ᠂ ᠦᠢᠯᠡᠴᠢᠯᠡᠬᠦ ᠵᠡᠷᠭᠡ ᠴᠢᠳᠠᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠦᠨ᠎ᠡ᠃    6. ᠪᠡᠯᠡ ᠮᠥᠩᠭᠦ ᠴᠤᠭᠯᠠᠭᠤᠯᠬᠤ᠄ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 1254.33 ᠲᠦᠮᠡᠨ ᠲᠥᠭᠦᠷᠢᠭ ᠪᠠᠶᠢᠵᠤ᠂ ᠪᠡᠯᠡ ᠮᠥᠩᠭᠦ ᠶᠢᠨ ᠢᠷᠡᠯᠲᠡ ᠶᠢ ᠣᠷᠣᠨ ᠨᠤᠲᠤᠭ ᠥᠪᠡᠰᠦᠪᠡᠨ ᠴᠤᠭᠯᠠᠭᠤᠯᠤᠨ᠎ᠠ᠃    ᠬᠤᠶᠠᠷ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠲᠣᠪᠴᠢ ᠲᠠᠨᠢᠯᠴᠠᠭᠤᠯᠭ᠎ᠠ᠄    ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠲᠥᠪ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠳᠤ ᠬᠠᠷᠢᠶᠠᠯᠠᠭᠳᠠᠨ᠎ᠠ᠃ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ ᠨᠢ ᠨᠠᠮ ᠤᠨ ᠲᠥᠪ ᠬᠤᠷᠢᠶ᠎ᠠ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠵᠢᠴᠢ ᠵᠢᠭᠤᠯᠴᠢᠯᠠᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠣᠯᠠᠨ ᠨᠡᠶᠢᠲᠡ ᠶᠢᠨ ᠰᠣᠶᠣᠯ ᠤᠨ ᠪᠦᠲᠦᠭᠡᠭᠳᠡᠬᠦᠨ ᠪᠠ ᠣᠯᠠᠨ ᠲᠦᠮᠡᠨ ᠤ ᠰᠣᠶᠣᠯ ᠤᠨ ᠦᠢᠯᠡᠴᠢᠯᠡᠭᠡ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ᠂ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠠᠵᠢᠯ ᠢ ᠡᠭᠦᠷᠭᠡᠯᠡᠨ᠎ᠡ᠃    2021 ᠣᠨ ᠤ 3 ᠰᠠᠷ᠎ᠠ ᠶᠢᠨ 31 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠬᠥᠭᠵᠢᠯᠲᠡ ᠶᠢᠨ ᠦᠢᠯᠡᠴᠢᠯᠡᠭᠡᠨ ᠤ ᠲᠥᠪ᠂ ᠪᠠᠷᠠᠭᠤᠨ ᠦᠵᠦᠮᠦᠴᠢᠨ ᠬᠤᠰᠢᠭᠤᠨ ᠤ ᠨᠣᠮ ᠤᠨ ᠰᠠᠩ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠤᠨ ᠣᠷᠳᠣᠨ ᠢ ᠡᠮᠬᠢᠯᠡᠨ ᠨᠡᠶᠢᠯᠡᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ ᠢ ᠪᠠᠶᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠰᠢᠭᠤᠳ ᠬᠠᠷᠢᠶ᠎ᠠ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠭᠠᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠰᠠᠯᠠᠭ᠎ᠠ ᠶᠢᠨ ᠲᠠᠰ ᠲᠠᠢ ᠲᠡᠩᠴᠡᠨ᠎ᠡ᠃    ᠭᠤᠷᠪᠠ᠂ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠲᠠᠰ ᠳᠠᠷᠠᠭᠠᠯᠠᠯ ᠪᠠ ᠭᠤᠣᠯ ᠠᠭᠤᠯᠭ᠎ᠠ ᠶᠢ ᠲᠥᠷᠥᠯ ᠵᠦᠢᠯ ᠤᠨ ᠵᠦᠢ ᠶᠣᠰᠣᠴᠢ ᠴᠢᠨᠠᠷ᠂ ᠬᠠᠤᠯᠢ ᠶᠣᠰᠣᠴᠢ ᠴᠢᠨᠠᠷ᠂ ᠪᠣᠯᠣᠮᠵᠢᠲᠤ ᠴᠢᠨᠠᠷ᠂ ᠡᠵᠡᠮᠳᠡᠵᠦ ᠪᠣᠯᠬᠤ ᠴᠢᠨᠠᠷ ᠵᠡᠷᠭᠡ ᠲᠠᠯ᠎ᠠ ᠪᠠᠷ ᠪᠠᠶᠢᠴᠠᠭᠠᠨ ᠵᠠᠳᠠᠯᠤᠯᠲᠠ ᠬᠢᠨ᠎ᠡ᠃ ᠡᠭᠦᠨ ᠤ ᠬᠠᠮᠲᠤ ᠮᠠᠲ᠋ᠧᠷᠢᠶᠠᠯ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠢᠨᠵᠧᠨᠧᠷᠢᠩ ᠤᠨ ᠮᠡᠷᠭᠡᠵᠢᠯ ᠤᠨ ᠠᠵᠢᠯᠲᠠᠨ ᠠᠴᠠ ᠠᠰᠠᠭᠤᠨ ᠯᠠᠪᠯᠠᠵᠤ᠂ ᠲᠥᠷᠥᠯ ᠵᠦᠢᠯ ᠤᠨ ᠦᠢᠯᠡᠳᠪᠦᠷᠢᠯᠡᠯ ᠤᠨ ᠣᠷᠴᠢᠨ ᠲᠣᠭᠤᠷᠢᠨ᠂ ᠨᠡᠶᠢᠭᠡᠮ ᠤᠨ ᠲᠣᠭᠲᠠᠭᠤᠨ ᠲᠠᠢ ᠬᠤᠯᠪᠣᠭᠳᠠᠬᠤ ᠬᠦᠴᠦᠨ ᠵᠦᠢᠯ ᠢ ᠦᠨᠳᠦᠰᠦᠨ ᠳᠡᠭᠡᠨ ᠡᠵᠡᠮᠰᠢᠵᠦ᠂ ᠲᠦᠷᠦᠯ ᠵᠦᠢᠯ ᠤᠨ ᠡᠷᠬᠢᠨ ᠲᠣᠭᠤᠷᠢᠨ ᠤ ᠣᠷᠴᠢᠨ ᠲᠣᠭᠤᠷᠢᠨ᠂ ᠨᠡᠶᠢᠭᠡᠮ ᠤᠨ ᠲᠣᠭᠲᠠᠭᠤᠨ ᠪᠠᠶᠢᠳᠠᠯ ᠳᠤ ᠦᠵᠡᠭᠦᠯᠬᠦ ᠨᠥᠯᠥᠭᠡᠨ ᠤ ᠬᠡᠮᠵᠢᠶ᠎ᠡ ᠪᠠ ᠬᠦᠷᠢᠶ᠎ᠡ ᠬᠡᠪᠴᠢᠶ᠎ᠡ ᠶᠢ ᠤᠷᠢᠳᠴᠢᠯᠠᠨ ᠵᠢᠱᠢᠬᠦ ᠶᠢᠨ ᠬᠠᠮᠲᠤ ᠲᠦᠷᠦᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠡᠭᠦᠨ ᠤ ᠰᠠᠭᠤᠷᠢᠨ ᠳᠡᠭᠡᠷ᠎ᠡ ᠲᠤᠰ ᠲᠦᠷᠦᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠲᠦᠷᠦᠯ ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠬᠤ ᠳᠤ ᠲᠦᠬᠦᠮ ᠪᠤᠯᠭᠠᠨ᠎ᠠ᠃    ᠳᠥᠷᠪᠡ᠂ ᠢᠯᠡ ᠨᠡᠶᠢᠲᠡᠯᠡᠬᠦ ᠡᠲᠡᠭᠡᠳ ᠨᠢ ᠲᠥᠷᠥᠯ ᠵᠦᠢᠯ ᠳᠤ ᠨᠥᠯᠥᠭᠡᠯᠡᠭᠳᠡᠭᠰᠡᠨ ᠣᠷᠣᠨ ᠪᠦᠰᠡ ᠵᠢᠴᠢ ᠲᠥᠷᠥᠯ ᠵᠦᠢᠯ ᠳᠤ ᠨᠥᠯᠥᠭᠡᠯᠡᠭᠳᠡᠵᠦ ᠮᠡᠳᠡᠬᠦ ᠰᠠᠭᠤᠭᠠᠯᠢ ᠠᠷᠠᠳ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠᠶᠢᠵᠤ᠂ ᠭᠤᠣᠯᠳᠠᠭᠤ ᠣᠯᠠᠨ ᠨᠡᠶᠢᠲᠡ ᠶᠢᠨ ᠲᠣᠰ ᠲᠥᠷᠥᠯ ᠵᠦᠢᠯ ᠢ ᠬᠡᠷᠡᠭᠵᠢᠭᠦᠯᠬᠦ ᠣᠪᠣᠷ ᠢ   ᠬᠤᠷᠢᠶᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠭᠤᠣᠯ ᠪᠣᠯᠬᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠰᠠᠭᠤᠳᠠᠯ᠂ ᠲᠥᠷᠥᠯ ᠵᠦᠢᠯ ᠳᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠷᠭ᠎ᠠ ᠬᠡᠮᠵᠢᠶ᠎ᠡ ᠠᠪᠬᠤ ᠪᠠᠷ ᠪᠠᠶᠢᠭ᠎ᠠ ᠲᠤᠬᠠᠢ ᠰᠠᠨᠠᠯ ᠪᠠ ᠰᠠᠨᠠᠭᠤᠯᠭ᠎ᠠ ᠵᠢᠴᠢ ᠪᠤᠰᠤᠳ ᠬᠠᠮᠢᠶ᠎ᠠ ᠪᠦᠬᠦᠢ ᠱᠠᠭᠠᠷᠳᠠᠯᠭ᠎ᠠ ᠶᠢ ᠬᠤᠷᠢᠶᠠᠬᠤ ᠬᠡᠷᠡᠭᠲᠡᠢ᠃ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 7 ᠠᠵᠢᠯᠯᠠᠬᠤ ᠡᠳᠦᠷ ᠲᠤ᠂ ᠵᠠᠷᠯᠠᠯ ᠤᠨ ᠬᠤᠭᠤᠴᠠᠭᠠᠨ ᠳᠤ᠂ ᠣᠯᠠᠨ ᠨᠡᠶᠢᠲᠡ ᠪᠠᠷ ᠢᠶᠠᠨ ᠪᠢᠴᠢᠭ ᠤᠨ ᠰᠠᠨᠠᠯ᠂ ᠡᠯᠧᠺᠲᠷᠣᠨ ᠰᠢᠤᠳᠠᠨ ᠤ ᠵᠦᠢᠯ᠂ ᠳ᠋ᠢᠶᠠᠩᠬᠤᠸᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠲᠦᠭᠡᠨ ᠪᠠᠶᠢᠭᠤᠯᠬᠤ ᠨᠢᠭᠡᠴᠡ ᠲᠠᠢ ᠬᠠᠷᠢᠯᠴᠠᠵᠤ ᠪᠠᠶᠢᠭᠠᠳ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠰᠠᠨᠠᠯ ᠪᠠ ᠦᠵᠡᠯᠲᠡ ᠪᠠᠨ ᠢᠯᠡᠳᠬᠡᠵᠦ ᠪᠣᠯᠣᠨ᠎ᠠ᠃    ᠲᠠᠪᠤ᠂ ᠪᠦᠲᠦᠭᠡᠨ ᠪᠠᠶᠢᠭᠤᠯᠤᠯᠲᠠ ᠶᠢᠨ ᠨᠢᠭᠡᠴᠡ᠄ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ᠃ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠡᠭᠦᠷᠭᠡᠯᠡᠬᠦ ᠨᠢᠭᠡᠴᠡ᠄ ᠰᠢᠯᠢᠩᠬᠤᠲᠠ ᠶᠢᠨ ᠮᠧᠩ ᠳ᠋ᠧ ᠴᠢᠨ ᠢᠨᠵᠧᠨᠧᠷᠢᠩ ᠤᠨ ᠯᠠᠪᠯᠠᠯᠭ᠎ᠠ ᠶᠢᠨ ᠬᠢᠵᠠᠭᠠᠷᠲᠤ ᠺᠣᠮᠫᠠᠨᠢ᠃ ᠨᠢᠭᠡᠴᠡ ᠶᠢᠨ ᠬᠠᠶ᠋ᠢᠭ᠄ ᠥᠪᠥᠷ ᠮᠣᠩᠭᠤᠯ ᠤᠨ ᠰᠢᠯᠢᠩᠬᠤᠲᠠ ᠶᠢᠨ ᠶᠤᠸᠠᠨ ᠪᠠ ᠵᠢᠶᠠᠨ ᠭᠦᠸᠧ ᠶᠡᠷᠦᠩᠬᠡᠶᠢᠯᠡᠭᠰᠡᠨ ᠠᠯᠪᠠᠨ ᠠᠰᠠᠷ ᠤᠨ 405 ᠥᠷᠥᠭᠡ  ᠃ ᠲᠥᠷᠥᠯ ᠵᠦᠢᠯ ᠤᠨ ᠬᠠᠷᠢᠯᠴᠠᠬᠤ ᠬᠥᠮᠥᠨ᠄ ᠯᠢᠦ ᠰᠢᠶᠣᠣ ᠯᠦᠩ︔ ᠬᠠᠷᠢᠯᠴᠠᠬᠤ ᠤᠲᠠᠰᠤ᠄ 18247900077᠃            ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ                              2024 ᠣᠨ ᠤ 1 ᠰᠠᠷ᠎ᠠ ᠶᠢᠨ 2 ᠤᠨ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号