ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2023 ᠣᠨ ᠤ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠲᠡᠷᠢᠭᠦᠨ ᠤ ᠨᠢᠭᠡᠴᠢ᠂ ᠰᠢᠯᠢᠳᠡᠭ ᠠᠵᠢᠯᠲᠠᠨ ᠪᠠ ᠰᠢᠯᠢᠳᠡᠭ ᠮᠡᠳᠡᠭᠡ ᠵᠠᠩᠭᠢ ᠶᠢᠨ ᠮᠡᠳᠡᠭᠡᠯᠡᠭᠴᠢ ᠶᠢ ᠬᠥᠬᠢᠭᠦᠯᠦᠨ ᠰᠠᠶᠢᠰᠢᠶᠠᠬᠤ ᠲᠤᠬᠠᠢ  ᠵᠠᠷᠯᠠᠯ
ᠨᠡᠶᠢᠲᠡᠯᠡᠭᠰᠡᠨ ᠴᠠᠭ᠄
2024/3/20
ᠪᠠᠶᠠᠨᠬᠤᠸᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠳᠤ᠄      2023 ᠣᠨ ᠳᠤ᠂ ᠪᠦᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠵᠠᠬᠢᠷᠭ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠰᠢᠭᠤᠨ ᠤ ᠭᠤᠣᠯ ᠠᠵᠢᠯ ᠪᠠ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ᠂ ᠪᠥᠬᠦ ᠬᠤᠰᠢᠭᠤ ᠵᠢᠴᠢ ᠲᠣᠰ ᠰᠠᠯᠠᠭ᠎ᠠ ᠮᠥᠴᠢᠷ ᠤᠨ ᠠᠵᠢᠯ ᠤᠨ ᠠᠬᠢᠴᠠ ᠶᠢᠨ ᠦᠷ᠎ᠡ ᠪᠦᠲᠦᠮᠵᠢ᠂ ᠬᠦᠴᠢᠷᠲᠡᠢ ᠠᠰᠠᠭᠤᠳᠠᠯ᠂ ᠲᠤᠷᠰᠢᠯᠭ᠎ᠠ ᠠᠷᠭ᠎ᠠ ᠬᠢᠳᠡᠯ ᠢ ᠡᠮᠬᠢᠯᠡᠨ ᠳ᠋ᠦᠩᠨᠡᠬᠦ ᠪᠠ ᠪᠠᠶᠢᠳᠠᠯ ᠤᠨ ᠲᠤᠰᠬᠠᠯ ᠢ ᠰᠠᠶᠢᠲᠤᠷ ᠬᠢᠬᠦ ᠶᠢ ᠴᠢᠬᠤᠯᠠᠴᠢᠯᠠᠵᠤ᠂ ᠶᠡᠭᠡ ᠬᠡᠮᠵᠢᠶᠡᠨ ᠤ ᠪᠠᠶᠢᠳᠠᠯ ᠲᠠᠢ᠂ ᠠᠰᠠᠭᠤᠳᠠᠯ ᠲᠠᠢ᠂ ᠵᠠᠳᠠᠯᠤᠯᠲᠠ ᠲᠠᠢ᠂ ᠰᠠᠨᠠᠭᠤᠯᠭ᠎ᠠ ᠲᠠᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠨᠠᠶᠢᠷᠠᠭᠤᠯᠤᠨ ᠮᠡᠳᠡᠭᠦᠯᠪᠡ᠃     ᠪᠦᠷᠢᠳᠬᠡᠯ ᠢ ᠦᠨᠳᠦᠰᠦᠯᠡᠪᠡᠯ᠂ 2023 ᠣᠨ ᠳᠤ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠰᠢᠭᠤᠳ 222 ᠵᠤᠷᠪᠤᠰ ᠮᠡᠳᠡᠭᠡ ᠮᠡᠳᠡᠭᠦᠯᠵᠦ᠂ ᠵᠠᠰᠠᠭ ᠵᠠᠬᠢᠷᠭᠠᠨ ᠤ ᠠᠯᠪᠠᠨ ᠭᠡᠷ ᠤᠨ ᠮᠡᠳᠡᠭᠡ ᠵᠠᠩᠭᠢ ᠶᠢ 849 ᠵᠤᠷᠪᠤᠰ ᠳᠡᠭᠡᠭᠰᠢ ᠮᠡᠳᠡᠭᠦᠯᠵᠦ᠂ ᠨᠡᠶᠢᠲᠡ 199 ᠵᠤᠷᠪᠤᠰ ᠢ ᠬᠡᠷᠡᠭᠯᠡᠵᠦ᠂ ᠡᠭᠦᠨ ᠳᠤ 1 ᠮᠡᠳᠡᠭᠡ ᠨᠢ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠴᠣᠬᠤᠯᠠᠪᠤᠷᠢ ᠶᠢ ᠣᠯᠪᠠ᠃ 2023 ᠣᠨ ᠳᠤ᠂ ᠵᠠᠰᠠᠭ ᠤᠨ ᠣᠷᠳᠣᠨ ᠤ ᠠᠯᠪᠠᠨ ᠭᠡᠷ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠳᠤ ᠭᠤᠷᠪᠠᠳᠤᠭᠠᠷ ᠲᠤ ᠵᠢᠭᠰᠠᠭᠠᠭᠳᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠬᠤᠶᠠᠷ ᠨᠥᠬᠦᠷ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠲᠡᠷᠢᠭᠦᠨ ᠤ ᠬᠤᠪᠢ ᠬᠥᠮᠥᠨ ᠢᠶᠠᠷ ᠦᠨᠡᠯᠡᠭᠳᠡᠵᠦ᠂ ᠲᠠᠪᠤᠨ ᠵᠢᠯ ᠳᠠᠷᠠᠭᠠᠯᠠᠨ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠪᠡ᠃ ᠶᠡᠷᠦᠩᠬᠡᠢ ᠳᠤᠨᠢ ᠠᠪᠴᠤ ᠦᠵᠡᠪᠡᠯ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠹᠷᠣᠨᠲ ᠤᠨ ᠬᠠᠮᠲᠤ ᠶᠢᠨ ᠴᠢᠷᠮᠠᠶᠢᠯᠭ᠎ᠠ ᠪᠠᠷ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠬᠠᠮᠤᠷᠬᠤ ᠬᠡᠪᠴᠢᠶ᠎ᠡ ᠤᠯᠠᠮ ᠨᠢᠭᠡ ᠠᠯᠬᠤᠮ ᠥᠷᠭᠡᠳᠴᠦ᠂ ᠮᠡᠳᠡᠭᠡ ᠵᠠᠩᠭᠢ ᠶᠢᠨ ᠲᠤᠭ᠎ᠠ ᠬᠡᠮᠵᠢᠶ᠎ᠡ ᠪᠠ ᠴᠢᠨᠠᠷ ᠴᠢᠨᠰᠠᠭ᠎ᠠ ᠳᠡᠭᠡᠭᠰᠢᠯᠡᠨ᠂ ᠮᠡᠳᠡᠭᠡ ᠵᠠᠩᠭᠢ ᠶᠢᠨ ᠵᠥᠪᠯᠡᠭᠴᠢ ᠪᠠ ᠲᠤᠰᠠᠯᠠᠭᠴᠢ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠪᠠ᠃      ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠬᠡᠷᠡᠭᠯᠡᠯᠲᠡ ᠵᠡᠷᠭᠡ ᠪᠠᠶᠢᠳᠠᠯ ᠢ ᠦᠨᠳᠦᠰᠦᠯᠡᠨ᠂ ᠡᠳᠦᠭᠡ ᠤᠯᠠᠭᠠᠨᠬᠠᠯᠠᠭ᠎ᠠ ᠰᠤᠮᠤ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ 6 ᠲᠡᠷᠢᠭᠦᠨ ᠤ ᠨᠢᠭᠡᠴᠡ᠂ ᠴᠠᠨ᠎ᠠ᠂ ᠬᠤᠸᠠᠩ ᠶᠠ ᠴᠢᠩ ᠵᠡᠷᠭᠡ 6 ᠰᠢᠯᠢᠳᠡᠭ ᠠᠵᠢᠯᠲᠠᠨ᠂ ︽ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ︽ᠭᠤᠷᠪᠠᠨ ᠲᠥᠪᠯᠡᠷᠡᠯ︾ ᠢᠶᠠᠷ ᠦᠵᠦᠮᠦᠴᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ︾ ᠵᠡᠷᠭᠡ 10 ᠰᠢᠯᠢᠳᠡᠭ ᠮᠡᠳᠡᠭᠡ ᠵᠠᠩᠭᠢ ᠶᠢ ᠵᠠᠷᠯᠠᠨ ᠬᠥᠬᠢᠭᠦᠯᠵᠦ ᠪᠠᠶᠢᠨ᠎ᠠ᠃ ᠬᠥᠬᠢᠭᠦᠯᠦᠭᠳᠡᠨ ᠰᠠᠶᠢᠰᠢᠶᠠᠭᠳᠠᠭᠰᠠᠨ ᠨᠢᠭᠡᠴᠡ ᠪᠣᠯᠣᠨ ᠬᠤᠪᠢ ᠬᠥᠮᠥᠨ ᠢᠷᠠᠭᠤ ᠠᠯᠳᠠᠷ ᠢᠶᠠᠨ ᠨᠠᠨᠳᠢᠩᠨᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠳᠠᠬᠢᠨᠲᠠ ᠰᠢᠯᠢᠳᠡᠭ ᠪᠦᠲᠦᠮᠵᠢ ᠭᠠᠷᠭᠠᠬᠤ ᠶᠢ ᠬᠦᠰᠡᠵᠦ ᠪᠠᠶᠢᠨ᠎ᠠ᠃ ᠪᠤᠰᠤᠳ ᠰᠤᠮᠤ ᠪᠠᠯᠭᠠᠰᠤ ᠪᠣᠯᠣᠨ ᠰᠠᠯᠠᠭ᠎ᠠ ᠮᠥᠴᠢᠷ᠂ ᠨᠢᠭᠡᠴᠡ ᠨᠦᠭᠦᠳ ᠲᠡᠷᠢᠭᠦᠨ ᠤ ᠬᠢ ᠪᠠᠷ ᠬᠡᠪ ᠳᠠᠭᠤᠷᠢᠶᠠᠯ ᠪᠣᠯᠭᠠᠵᠤ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠬᠤ ᠬᠡᠷᠡᠭᠲᠡᠢ᠃      2024 ᠣᠨ ᠳᠤ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠪᠠᠨ ᠪᠠᠲᠤ ᠰᠠᠬᠢᠵᠤ᠂ ᠦᠷ᠎ᠡ ᠪᠦᠲᠦᠮᠵᠢ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠵᠠᠰᠠᠭ ᠢ ᠬᠠᠪᠰᠤᠷᠤᠨ ᠰᠠᠨᠠᠯ ᠳᠤᠷᠠᠳᠤᠯᠭ᠎ᠠ ᠶᠢ ᠨᠡᠩ ᠣᠨᠣᠪᠴᠢᠲᠠᠢ ᠪᠣᠯᠭᠠᠵᠤ᠂ ᠠᠰᠠᠭᠤᠳᠠᠯ ᠢ ᠨᠡᠩ ᠪᠦᠬᠦ ᠲᠠᠯ᠎ᠠ ᠪᠠᠷ ᠲᠤᠰᠬᠠᠵᠤ᠂ ᠠᠵᠢᠯ ᠢ ᠨᠡᠩ ᠡᠷᠴᠢᠮᠲᠡᠢ ᠠᠬᠢᠭᠤᠯᠵᠤ᠂ ᠠᠵᠢᠯ ᠤᠨ ᠰᠡᠳᠬᠢᠴᠡ ᠪᠠᠨ ᠴᠢᠨᠠᠭᠰᠢᠳᠠ ᠰᠢᠨᠡᠴᠢᠯᠡᠵᠦ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠠᠵᠢᠯ ᠤᠨ ᠬᠦᠴᠦᠨ ᠢᠶᠠᠨ ᠴᠢᠩᠭᠠᠳᠬᠠᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢᠶᠠᠨ ᠳᠡᠭᠡᠭᠰᠢᠯᠡᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂ ᠪᠦᠬᠦ ᠲᠠᠯ᠎ᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠬᠡᠷᠡᠭᠳᠡᠢ᠃     ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                        2024 ᠣᠨ ᠤ 2 ᠰᠠᠷ᠎ᠠ ᠶᠢᠨ 19 ᠤ  ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号