ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ | ᠬᠥᠳᠡᠯᠮᠦᠷᠢ ᠶᠢᠨ ᠬᠥᠮᠦᠵᠢᠯ ᠤᠨ ᠠᠵᠢᠯ ᠤᠨ ᠰᠠᠨᠠᠯ ᠵᠢᠴᠢ ᠠᠷᠭ᠎ᠠ ᠬᠡᠮᠵᠢᠶ᠎ᠡ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ︽ᠲᠠᠪᠤᠨ ᠬᠥᠮᠦᠵᠢᠯ︾ ᠢ ᠵᠡᠷᠭᠡ ᠪᠠᠷ ᠴᠢᠬᠤᠯᠠᠴᠢᠯᠠᠵᠤ ᠰᠤᠷᠭᠠᠭᠤᠯᠢ ᠶᠢᠨ | ᠰᠤᠷᠭᠠᠨ ᠬᠥᠮᠦᠵᠢᠯ ᠳᠤ ᠦᠨᠡᠨᠬᠦ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠰᠤᠷᠭᠠᠭᠤᠯᠢ ᠶᠢᠨ ᠪᠡᠶ᠎ᠡ ᠲᠠᠮᠢᠷ | ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠤᠨ ᠬᠢᠴᠢᠶᠡᠯ ᠤᠨ ᠶᠠᠰᠤ ᠴᠢᠨᠠᠷ ᠢ ᠴᠢᠩᠭᠠᠳᠬᠠᠨ᠂ | ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ | ᠶᠠᠮᠠᠷᠪᠠ ᠬᠢᠴᠢᠶᠡᠯ ᠲᠥᠷᠥᠯ ᠳᠤ ᠶᠠᠮᠠᠷᠪᠠ ᠰᠢᠯᠲᠠᠭ ᠢᠶᠠᠷ ᠪᠡᠶ᠎ᠡ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ | ᠬᠥᠳᠡᠯᠮᠦᠷᠢ ᠶᠢᠨ ᠬᠥᠮᠦᠵᠢᠯ ᠤᠨ ᠬᠢᠴᠢᠶᠡᠯ ᠢ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠬᠢᠴᠢᠶᠡᠯ ᠤᠨ ᠬᠡᠪ ᠢᠶᠠᠷ | ᠶᠠᠪᠤᠭᠳᠠᠬᠤ ᠶᠢ ᠪᠠᠲᠤᠯᠠᠵᠤ᠂ ᠲᠣᠭᠲᠠᠭᠠᠯ ᠠᠴᠠ ᠵᠥᠷᠢᠴᠡᠨ ᠬᠢᠴᠢᠶᠡᠯ ᠢ ᠡᠵᠡᠯᠡᠨ ᠬᠡᠷᠡᠭᠯᠡᠭᠰᠡᠨ ᠦᠶᠯᠡ | ᠠᠵᠢᠯᠯᠠᠭ᠎ᠠ ᠶᠢ ᠡᠷᠡᠰ ᠰᠢᠢᠳᠪᠦᠷᠢᠯᠡᠨ᠎ᠡ᠃ ᠥᠷᠭᠡᠨ ᠣᠯᠠᠨ ᠰᠣᠷᠣᠭᠴᠢ᠂ ᠭᠡᠷ ᠤᠨ ᠠᠬᠠᠮᠠᠳ ᠵᠢᠴᠢ ᠨᠡᠶᠢᠭᠡᠮ ᠤᠨ | ᠡᠯ᠎ᠡ ᠡᠲᠡᠭᠡᠳ ᠤᠨ ᠬᠢᠨ ᠤ ᠲᠤᠰᠬᠠᠭᠰᠠᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠬᠥᠳᠡᠯᠮᠦᠷᠢ ᠶᠢᠨ ᠬᠢᠴᠢᠶᠡᠯ ᠢ | ᠰᠢᠬᠠᠨ ᠡᠵᠡᠯᠡᠭᠰᠡᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠥᠨᠳᠥᠷ ᠪᠢᠰᠢ ᠵᠡᠷᠭᠡ ᠬᠠᠮᠢᠶ᠎ᠠ ᠪᠦᠬᠦᠢ | ᠠᠰᠠᠭᠤᠳᠠᠯ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ | ᠵᠠᠮ ᠢ ᠢᠯᠡ ᠨᠡᠶᠢᠲᠡᠯᠡᠵᠦ ᠪᠤᠢ᠃ | ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨᠠᠯᠲᠠ ᠲᠠᠯᠪᠢᠬᠤ ᠤᠲᠠᠰᠤ᠄ | 0479 ︱ 8263942 | ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨᠠᠯᠲᠠ ᠲᠠᠯᠪᠢᠬᠤ | ᠤᠲᠠᠰᠤ᠄ 0479 ︱ 3521816 |