ᠴᠡᠪᠡᠷ ᠡᠨᠧᠷᠭᠢ ᠶᠢᠨ ᠲᠤᠯᠠᠭᠠᠯᠠᠭ᠎ᠠ ᠮᠠᠯᠴᠢᠳ ᠤᠨ ᠬᠦᠷᠢᠶᠡᠯᠡᠯ ᠢ ᠤᠯᠵᠦ ᠪᠤᠢ
ᠨᠡᠶᠢᠲᠡᠯᠡᠭᠰᠡᠨ ᠴᠠᠭ᠄
2024/3/21
    ᠣᠶᠢᠷ᠎ᠠ ᠶᠢᠨ ᠵᠢᠯ ᠤᠳ ᠲᠤ᠂ ᠡᠪᠦᠯ ᠤᠨ ᠤᠯᠠᠷᠢᠯ ᠤᠨ ᠴᠡᠪᠡᠷ ᠡᠨᠧᠷᠭᠢ ᠶᠢᠨ ᠲᠤᠯᠠᠭᠠᠯᠠᠭ᠎ᠠ ᠶᠢᠨ ᠦᠭᠡᠷᠡᠴᠢᠯᠡᠯᠲᠡ ᠨᠢ ᠥᠷᠭᠡᠨ ᠣᠯᠠᠨ ᠮᠠᠯᠴᠢᠳ ᠤᠨ ᠬᠦᠷᠢᠶᠡᠯᠡᠯ ᠢ ᠤᠯᠵᠦ᠂ ᠮᠠᠯᠴᠢᠳ ᠤᠨ ᠡᠪᠦᠯ ᠤᠨ ᠤᠯᠠᠷᠢᠯ ᠤᠨ ᠣᠷᠣᠨ ᠰᠠᠭᠤᠴᠠ ᠶᠢᠨ ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠲᠦᠯᠡᠰᠢ ᠲᠦᠯᠡᠵᠦ ᠲᠤᠯᠠᠭᠠᠯᠠᠬᠤ ᠠᠷᠭ᠎ᠠ ᠬᠡᠯᠪᠡᠷᠢ ᠠᠴᠠ ᠰᠠᠯᠵᠦ᠂ ᠠᠵᠦ ᠠᠮᠢᠳᠤᠷᠠᠯ ᠳᠤ ᠨᠢ ᠲᠦᠭᠦᠮ ᠪᠤᠯᠤᠭᠰᠠᠨ ᠪᠠᠶᠢᠨ᠎ᠠ᠃
       ᠤᠯᠠᠭᠠᠨᠬᠠᠭᠠᠯᠭ᠎ᠠ ᠰᠤᠮᠤᠨ ᠤ ᠡᠷᠬᠡᠲᠦᠠᠤᠪᠤᠭ᠎ᠠ ᠭᠠᠴᠠᠭᠠᠨ ᠤ ᠮᠠᠯᠴᠢᠨ ᠰᠠᠷᠠᠨᠲᠤᠩᠭᠠᠯᠠᠭ ᠤᠨ   ᠳᠤ ᠬᠦᠷᠬᠦ ᠳᠤ ᠲᠤᠯᠠᠭᠠᠬᠠᠨ ᠰᠠᠭᠤᠴᠠ ᠳᠠᠭᠠᠨ ᠲᠠᠪᠠᠳᠠᠶᠢᠬᠠᠨ ᠬᠠᠪᠤᠷᠵᠢᠵᠦ ᠪᠠᠶᠢᠯ᠎ᠠ᠃ ᠡᠳᠡᠨᠠᠶᠢᠬᠢᠨ ᠴᠡᠪᠡᠷ ᠡᠨᠧᠷᠭᠢ ᠶᠢᠨ ᠲᠤᠯᠠᠭᠠᠯᠠᠭ᠎ᠠ  ᠶᠢᠨ ᠲᠦᠭᠦᠭᠡᠷᠦᠮᠵᠢ ᠶᠢ ᠣᠭᠰᠠᠷᠠᠭᠠᠳ ᠲᠦᠷᠪᠡᠨ ᠵᠢᠯ ᠤᠨ ᠨᠢᠭᠤᠷ ᠢ ᠦᠵᠡᠵᠦ ᠪᠤᠢ᠃ ᠰᠠᠷᠠᠨᠲᠤᠩᠭᠠᠯᠠᠭ ᠰᠤᠷᠪᠤᠯᠵᠢᠯᠠᠭᠴᠢ  ᠳᠤ ᠬᠡᠯᠡᠬᠦ ᠳᠡᠭᠡᠨ ᠡᠨᠡ ᠵᠢᠯ ᠨᠡᠭᠦᠷᠡᠰᠦᠨ ᠤ ᠦᠨ᠎ᠡ ᠦᠨᠳᠦᠷ᠂ ᠣᠳᠣᠬᠠᠨ ᠤ ᠵᠠᠬ᠎ᠠ ᠳᠡᠯᠭᠡᠭᠦᠷ ᠤᠨ ᠦᠨ᠎ᠡ ᠪᠠᠷ ᠪᠤᠳᠤᠪᠠᠯ᠂ 6 ᠰᠠᠷ᠎ᠠ ᠳᠤ ᠪᠠᠷᠤᠭ 10 ᠲᠣᠨ ᠨᠡᠭᠦᠷᠡᠰᠦ ᠰᠢᠳᠠᠭᠠᠵᠦ᠂ 7000 ᠭᠠᠷᠤᠶ ᠲᠥᠭᠦᠷᠢᠭ ᠵᠠᠷᠤᠴᠠᠭᠤᠯᠤᠨ᠎ᠠ᠃ ᠲᠤᠰ ᠴᠡᠪᠡᠷ ᠡᠨᠧᠷᠭᠢ ᠶᠢᠨ ᠳᠤᠯᠠᠭᠠᠯᠠᠭ᠎ᠠ ᠶᠢᠨ ᠲᠥᠬᠦᠭᠡᠷᠦᠮᠵᠢ ᠶᠢ ᠬᠡᠷᠡᠭᠯᠡᠭᠰᠡᠨ ᠤ ᠳᠠᠷᠠᠭ᠎ᠠ ᠰᠠᠷ᠎ᠠ ᠳᠤ ᠴᠠᠬᠢᠯᠭᠠᠨ ᠭᠡᠷᠡᠭᠯᠡᠬᠦ ᠵᠠᠷᠤᠳᠠᠯ ᠨᠢ 600 ᠭᠠᠷᠤᠶ ᠲᠥᠭᠦᠷᠢᠭ᠂ ᠨᠡᠭᠦᠷᠡᠰᠦ ᠰᠢᠲᠠᠭᠠᠵᠤ ᠲᠤᠯᠠᠭᠠᠯᠠᠬᠤ ᠶᠢ ᠪᠤᠳᠤᠪᠠᠯ ᠵᠤᠭᠤᠰ ᠮᠦᠡᠭᠭᠦ ᠠᠷᠪᠢᠯᠠᠬᠤ  ᠪᠠᠷ ᠪᠠᠷᠠᠬᠤ ᠦᠭᠡᠢ᠂ ᠬᠦᠳᠡᠯᠮᠦᠷᠢ ᠬᠦᠴᠦᠨ ᠳᠤ ᠪᠠᠰᠠ ᠠᠷᠪᠢᠲᠠᠢ ᠭᠡᠵᠦ ᠶᠠᠷᠢᠵᠦ ᠪᠠᠶᠢᠯ᠎ᠠ᠃
         ᠮᠠᠯᠵᠢᠬᠤ ᠣᠷᠣᠨ ᠳᠤ ᠮᠠᠯᠴᠢᠳ ᠤᠨ ᠦᠶᠯᠡᠳᠪᠦᠷᠢᠯᠡᠯ ᠠᠮᠢᠳᠤᠷᠠᠯ ᠤᠨ ᠲᠤᠮᠳᠠ ᠴᠠᠬᠢᠯᠭᠠᠨ ᠲᠥᠬᠦᠭᠡᠷᠦᠮᠵᠢ ᠶᠢᠨ ᠴᠠᠬᠢᠯᠭᠠᠨ ᠬᠡᠷᠡᠭᠯᠡᠬᠦ ᠳᠠᠭᠠᠭᠠᠴᠠ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠥᠪᠥᠷ ᠮᠣᠩᠭᠤᠯ ᠤᠨ ᠪᠠᠷᠠᠭᠤᠨ ᠦᠵᠦᠮᠦᠴᠢᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠲᠤᠰᠬᠠᠢ ᠠᠵᠢᠯᠯᠠᠭ᠎ᠠ ᠥᠷᠨᠢᠭᠦᠯᠵᠦ᠂ ᠮᠠᠯᠴᠢᠳ  ᠲᠤ ᠠᠰᠢᠭᠲᠠᠢ ᠲᠥᠷᠥᠯ ᠵᠦᠶᠯ ᠵᠢᠴᠢ ᠴᠢᠨᠠᠷ ᠰᠠᠶᠢᠲᠠᠶ ᠦᠶᠯᠡᠴᠢᠯᠡᠭᠡ ᠪᠠᠷ ᠳᠠᠮᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢᠨ ᠭᠡᠷᠡᠭᠵᠢᠭᠦᠯᠦᠯᠲᠡ ᠳᠤ ᠬᠦᠴᠦᠨ ᠨᠡᠮᠡᠷᠢᠯᠡᠵᠦ ᠪᠤᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号