ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠬᠦᠴᠢᠷᠳᠡᠯᠲᠡᠢ᠂ ᠬᠦᠨᠳᠦ ᠡᠪᠡᠳᠴᠢᠲᠠᠢ ᠵᠡᠮᠳᠡᠭᠴᠦᠳ ᠲᠤ 13.38 ᠲᠦᠮᠡᠨ ᠲᠥᠭᠦᠷᠢᠭ ᠤᠨ ᠡᠮ ᠡᠮᠨᠡᠯᠭᠡ ᠶᠢᠨ ᠲᠤᠰᠠᠯᠠᠮᠵᠢ ᠶᠢᠨ ᠮᠥᠩᠭᠦ ᠣᠯᠭᠤᠪᠠ
ᠨᠡᠶᠢᠲᠡᠯᠡᠭᠰᠡᠨ ᠴᠠᠭ᠄
2024/3/21
    ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ  ᠠᠴᠠ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠠ ᠬᠠᠶᠢᠷᠠᠯᠠᠨ ᠬᠠᠯᠠᠮᠵᠢᠯᠠᠬᠤ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠲᠡᠬᠦᠯᠳᠡᠷᠵᠢᠬᠦᠯᠦᠨ᠂ ᠨᠠᠮ ᠤᠨ ᠵᠡᠮᠳᠡᠭᠴᠦᠳ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠲᠠᠯᠠᠵᠤ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠯ ᠤᠨ ᠬᠠᠷᠠᠯᠲᠠ ᠪᠠᠨ ᠪᠣᠯᠭᠠᠵᠤ᠂ ᠵᠡᠮᠳᠡᠭᠴᠦᠳ ᠤᠨ ᠣᠯᠠᠨ ᠲᠦᠮᠡᠨ ᠤ ᠰᠠᠨᠠᠭᠠᠰᠢᠷᠠᠨ ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠷᠭᠡᠨ ᠤᠯᠠᠨ  ᠵᠡᠮᠳᠡᠭᠴᠦᠳ ᠲᠤ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠵᠦ᠂ ᠬᠦᠴᠢᠷᠳᠡᠯᠲᠡᠢ᠂ ᠬᠦᠨᠳᠦ ᠡᠪᠡᠳᠴᠢᠲᠠᠢ ᠵᠡᠮᠳᠡᠭᠴᠦᠳ ᠤᠨ ᠦᠨᠳᠦᠰᠦᠨ ᠡᠮ ᠡᠮᠨᠡᠯᠭᠡ ᠶᠢᠨ ᠡᠷᠬᠡ ᠠᠰᠢᠭ ᠢ ᠪᠠᠲᠤᠯᠠᠬᠤ ᠪᠠᠷ ᠬᠠᠷᠠᠯᠲᠠ ᠪᠤᠯᠭᠠᠨ᠂ ᠡᠮ ᠡᠮᠨᠡᠯᠭᠡ ᠶᠢᠨ ᠵᠠᠷᠤᠯᠭ᠎ᠠ ᠶᠢᠨ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ  ᠬᠦᠩᠭᠡᠷᠡᠬᠦᠯᠵᠦ  ᠂ ᠬᠦᠴᠢᠷᠳᠡᠯᠲᠡᠢ᠂ ᠬᠦᠨᠳᠦ ᠵᠡᠮᠳᠡᠭᠴᠦᠳ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠠᠵᠢᠯ ᠢ ᠡᠷᠴᠢᠮᠲᠠᠢ ᠶᠠᠪᠤᠭᠳᠠᠭᠤᠯᠤᠭᠰᠠᠭᠠᠷ ᠪᠤᠢ
    ᠪᠠᠯᠭᠠᠷᠭᠤᠤᠯ ᠪᠠᠯᠭᠠᠰᠤᠨ ᠤ ᠪᠠᠶᠠᠰᠤᠯ ᠲᠣᠭᠤᠷᠢᠭ ᠲᠤ ᠰᠠᠭᠤᠵᠤ ᠪᠠᠶᠢᠭ᠎ᠠ 72 ᠨᠠᠰᠤᠲᠠᠢ ᠨᠠᠰᠤᠲᠠᠨ ᠪᠤᠶᠠᠨᠲᠤ ᠂ ᠵᠠᠯᠠᠭᠤ ᠶᠢᠨ ᠦᠶ᠎ᠡ ᠳᠡᠭᠡᠨ ᠬᠡᠨᠡᠳᠲᠠ ᠶᠢᠨ ᠠᠳᠡᠯ ᠠᠴᠠ ᠬᠥᠯ ᠨᠢ ᠰᠢᠷᠬᠠᠲᠤᠵᠤ᠂ ᠬᠥᠳᠡᠯᠵᠦ ᠪᠠᠷᠢᠬᠤ ᠳᠤ ᠳᠥᠭᠦᠮ ᠦᠭᠡᠢ᠂ ᠬᠤᠶᠠᠳᠤᠭᠠᠷ ᠳᠡᠰ ᠤᠨ ᠵᠡᠮᠳᠡᠭ ᠪᠤᠯᠵᠠᠢ᠃ ᠪᠤᠶᠠᠨᠲᠤ ᠨᠠᠰᠤᠲᠠᠨ 2019 ᠣᠨ ᠳᠤ᠂ ᠰᠢᠯᠢ  ᠶᠢᠨ ᠭᠤᠣᠯ ᠠᠶᠢᠮᠠᠭ ᠤᠨ ᠡᠮᠨᠡᠯᠭᠡ ᠶᠢᠨ ᠬᠤᠷᠢᠶ᠎ᠠ ᠳᠤ ᠬᠦᠵᠦᠬᠦᠨ ᠤ  ᠮᠡᠰᠡ ᠵᠠᠰᠠᠯ ᠬᠢᠵᠦ᠂ ᠲᠠᠪᠤᠨ ᠲᠦᠮᠡ ᠭᠠᠷᠤᠢ ᠲᠥᠭᠦᠷᠢᠭ ᠵᠠᠷᠤᠴᠠᠭᠤᠯᠵᠤ᠂ ᠲᠤᠬᠠᠢ ᠶᠢᠨ ᠦᠶ᠎ᠡ ᠳᠤ ᠬᠤᠷᠰᠢᠭᠰᠠᠨ ᠡᠮᠨᠡᠯᠭᠡ  ᠠᠴᠠ ᠭᠤᠷᠪᠠᠨ ᠲᠦᠮᠡ ᠭᠠᠷᠤᠢ ᠲᠥᠭᠦᠷᠢᠭ ᠢ ᠨᠢ ᠴᠠᠶᠢᠷᠠᠭᠤᠯᠤᠨ ᠦᠭᠭᠦᠭᠰᠡᠨ ᠪᠠᠶᠢᠯ᠎ᠠ᠃ ᠬᠤᠰᠢᠭᠤ ᠵᠡᠮᠳᠡᠭᠴᠦᠳ ᠤᠨ ᠬᠤᠯᠪᠣᠭ᠎ᠠ ᠪᠠᠶᠢᠳᠠᠯ  ᠢ ᠣᠶᠢᠯᠠᠭᠠᠭᠰᠠᠨ ᠤ ᠳᠠᠷᠠᠭ᠎ᠠ᠂  ᠲᠡᠬᠦᠨ ᠤ ᠦᠪᠡᠷᠳᠡᠭᠡᠨ ᠵᠠᠷᠤᠴᠠᠭᠤᠯᠤᠭᠰᠠᠨ ᠬᠤᠶᠠᠷ ᠲᠦᠮᠡ ᠭᠠᠷᠤᠢ ᠲᠥᠭᠦᠷᠢᠭ ᠤᠨ ᠬᠢᠨᠢ ᠵᠠᠭᠤᠨ ᠤ ᠬᠤᠷᠢ ᠶᠢᠨ ᠬᠠᠷᠢᠴᠠᠯ ᠢᠶᠠᠷ ᠡᠮᠨᠡᠯᠭᠡ ᠶᠢᠨ ᠲᠤᠰᠠᠯᠠᠮᠵᠢ ᠶᠢᠨ ᠮᠥᠩᠭᠦ ᠤᠯᠭᠤᠭᠰᠠᠨ ᠶᠤᠮ᠃ 2023 ᠣᠨ ᠳᠤ ᠪᠤᠶᠠᠨᠲᠤ ᠨᠠᠰᠤᠲᠠᠨ ᠲᠠᠬᠢᠨ ᠡᠪᠦᠳᠦᠭ ᠤᠨ ᠮᠡᠰᠡ ᠵᠠᠰᠠᠯ ᠬᠢᠵᠦ᠂ ᠭᠤᠷᠪᠠᠨ ᠲᠦᠮᠡ ᠭᠠᠷᠤᠢ ᠲᠥᠭᠦᠷᠢᠭ ᠵᠠᠷᠤᠴᠠᠭᠤᠯᠵᠠᠢ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠬᠤᠷᠰᠢᠭᠰᠠᠨ ᠡᠮᠨᠡᠯᠭᠡ ᠶᠢᠨ  ᠴᠠᠶᠢᠷᠠᠭᠤᠯᠤᠭᠰᠠᠨ ᠵᠠᠷᠤᠳᠠᠯ ᠠᠴᠠ ᠭᠠᠳᠠᠨᠠᠬᠢ ᠪᠤᠰᠤᠳ ᠵᠠᠷᠤᠳᠠᠯ ᠤᠨ ᠬᠠᠷᠢᠴᠠᠯ ᠢᠶᠠᠷ ᠪᠤᠶᠠᠨᠲᠤ ᠨᠠᠰᠤᠲᠠᠨ ᠳᠤ 2031 ᠲᠥᠭᠦᠷᠢᠭ ᠤᠨ ᠡᠮ ᠡᠮᠨᠡᠯᠭᠡ ᠶᠢᠨ ᠲᠤᠰᠠᠯᠠᠮᠵᠢ ᠶᠢᠨ ᠮᠥᠩᠭᠦ ᠤᠯᠭᠤᠨ ᠠᠵᠤ ᠠᠮᠢᠳᠤᠷᠠᠯ  ᠳᠤ ᠨᠢ ᠲᠤᠰᠠ ᠲᠡᠮᠵᠢᠯᠭᠡ ᠦᠵᠡᠬᠦᠯᠦᠭᠰᠡᠨ ᠪᠠᠶᠢᠨ᠎ᠠ᠃     ᠣᠶᠢᠯᠠᠭᠠᠭᠰᠠᠨ ᠢᠶᠠᠷ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠪᠣᠯ ᠪᠠᠷᠠᠭᠤᠨ ᠦᠵᠦᠮᠦᠴᠢᠨ ᠬᠤᠰᠢᠭᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠬᠡᠷᠡᠭᠵᠢᠭᠦᠯᠵᠦ ᠪᠠᠶᠢᠭ᠎ᠠ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠣᠯᠣᠨ᠎ᠠ᠃ ᠡᠨᠡ ᠨᠢ ᠭᠤᠣᠯᠳᠠᠭᠤ ᠬᠦᠴᠢᠷᠳᠡᠯᠲᠡᠢ ᠵᠡᠮᠳᠡᠭᠴᠦᠳ ᠪᠤᠶᠤ ᠬᠦᠨᠳᠦ  ᠡᠪᠡᠳᠴᠢᠲᠠᠢ ᠵᠡᠮᠳᠡᠭᠴᠦᠳ   ᠤᠨ ᠲᠤᠭᠳᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠭᠠᠷᠤᠭᠰᠠᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠡᠮᠨᠡᠯᠭᠡ ᠳᠤ ᠰᠠᠭᠤᠭᠰᠠᠨ ᠵᠠᠷᠤᠳᠠᠯ ᠤᠨ ᠳᠣᠲᠣᠷ᠎ᠠ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠵᠢᠴᠢ ᠡᠯ᠎ᠡ ᠲᠥᠷᠥᠯ   ᠤᠨ ᠨᠥᠬᠦᠪᠦᠷᠢ ᠡᠮᠨᠡᠯᠭᠡ ᠶᠢᠨ ᠳᠠᠭᠠᠳᠬᠠᠯ᠂ ᠬᠤᠳᠠᠯᠳᠤᠭᠠᠨ ᠤ ᠳᠠᠭᠠᠳᠬᠠᠯ ᠤᠨ ᠲᠠᠩᠰᠠ ᠴᠠᠶᠢᠷᠠᠭᠤᠯᠤᠭᠰᠠᠨ ᠤ ᠳᠠᠷᠠᠭᠠᠬᠢ ᠬᠤᠪᠢ ᠬᠥᠮᠥᠨ ᠤ ᠡᠭᠦᠷᠭᠡᠯᠡᠬᠦ ᠬᠡᠰᠡᠭ ᠤᠨ ᠵᠠᠷᠤᠳᠠᠯ ᠤᠨ 20% ᠶᠢᠨ ᠬᠠᠷᠢᠴᠠᠯ ᠢᠶᠠᠷ ᠡᠮᠨᠡᠯᠭᠡ ᠶᠢᠨ ᠲᠤᠰᠠᠯᠠᠮᠵᠢ ᠶᠢᠨ ᠮᠦᠩᠭᠦ ᠤᠯᠭᠤᠬᠤ ᠶᠢ ᠵᠢᠭᠠᠵᠤ ᠪᠤᠢ᠃
         ᠡᠶᠢᠨᠬᠦ 2023 ᠣᠨ ᠳᠤ᠂ ᠪᠠᠷᠠᠭᠤᠨ ᠦᠵᠦᠮᠦᠴᠢᠨ ᠬᠤᠰᠢᠭᠤ ᠨᠢ 143 ᠶᠠᠳᠠᠭᠤ ᠬᠦᠴᠢᠷᠳᠡᠯᠲᠡᠢ ᠵᠡᠮᠳᠡᠭ ᠬᠥᠮᠥᠨ ᠪᠣᠯᠣᠨ ᠬᠦᠨᠳᠦ ᠡᠪᠡᠳᠴᠢᠲᠠᠢ ᠵᠡᠮᠳᠡᠭᠴᠦᠳ ᠲᠤ ᠨᠡᠶᠢᠲᠡ 13.38 ᠲᠦᠮᠡᠨ ᠲᠥᠭᠦᠷᠢᠭ ᠤᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠮᠦᠩᠭᠦ ᠤᠯᠭᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠠᠵᠢᠯ ᠤᠨ ᠰᠡᠳᠬᠢᠴᠡ ᠪᠠᠨ ᠤᠯᠠᠮ ᠴᠢᠨᠠᠭᠰᠢᠲᠠ ᠦᠷᠭᠡᠳᠬᠡᠨ᠂ ᠠᠵᠢᠯ ᠤᠨ ᠠᠷᠭ᠎ᠠ ᠬᠡᠮᠵᠢᠶ᠎ᠡ ᠪᠠᠨ ᠰᠢᠨ᠎ᠡ ᠪᠠᠷ ᠡᠭᠦᠳᠴᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠨᠥᠬᠦᠴᠡᠯ ᠳᠤ ᠨᠡᠶᠢᠴᠡᠬᠦ ᠵᠡᠮᠳᠡᠭᠴᠦᠳ ᠲᠤ ᠴᠥᠮ ᠡᠮ ᠡᠮᠨᠡᠯᠭᠡ ᠶᠢᠨ ᠠᠪᠤᠷᠠᠨ ᠲᠤᠰᠠᠯᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠳ᠋ᠯᠡᠭᠦᠯᠬᠦ ᠶᠢ ᠦᠨᠡᠨ ᠬᠦ ᠪᠠᠲᠤᠯᠠᠵᠤ᠂ ᠬᠦᠴᠢᠷᠳᠡᠯᠲᠡᠢ᠂ ᠬᠦᠨᠳᠦ ᠡᠪᠡᠳᠴᠢᠲᠠᠢ  ᠵᠡᠮᠳᠡᠭᠴᠦᠳ ᠤᠨ ᠬᠦᠴᠢᠷ ᠵᠣᠪᠠᠭᠤᠷᠢ ᠶᠢ ᠦᠷᠬᠦᠯᠵᠢᠯᠡᠨ ᠰᠢᠢᠳᠪᠦᠷᠢᠯᠡᠬᠦ ᠪᠤᠯᠤᠨ᠎ᠠ᠃         ᠬᠤᠰᠢᠭᠤ ᠵᠡᠮᠳᠡᠭᠴᠦᠳ ᠤᠨ ᠬᠤᠯᠪᠤᠭᠠᠨ ᠤ ᠠᠵᠢᠯᠲᠠᠨ ᠰᠦᠢ ᠶᠧ ᠫᠢᠩ᠄ ︽ᠮᠠᠨ ᠤ ᠵᠡᠮᠳᠡᠭᠴᠦᠳ ᠤᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠪᠣᠯ ᠬᠦᠴᠢᠷᠳᠡᠯᠲᠡᠢ᠂ ᠬᠦᠨᠳᠦ ᠡᠪᠡᠳᠴᠢᠲᠠᠢ ᠵᠡᠮᠳᠡᠭᠴᠦᠳ ᠤᠨ ᠦᠨᠳᠦᠰᠦᠨ ᠡᠮ ᠡᠮᠨᠡᠯᠭᠡ ᠶᠢᠨ ᠡᠷᠬᠡ ᠠᠰᠢᠭ ᠢ ᠪᠠᠲᠤᠯᠠᠬᠤ ᠪᠠᠷ ᠬᠠᠷᠠᠯᠲᠠ ᠪᠣᠯᠭᠠᠵᠤ᠂ ᠬᠦᠴᠢᠷᠳᠡᠯᠲᠡᠢ ᠣᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠷᠡᠭᠦᠯᠵᠦ᠂ ᠴᠠᠶᠢᠷᠠᠭᠤᠯᠵᠤ ᠦᠭᠭᠦ  ᠬᠠᠮᠢᠶᠠᠲᠠᠢ ᠲᠠᠭᠠᠳᠬᠠᠯ ᠤᠨ ᠮᠦᠩᠭᠦ ᠠᠴᠠ ᠭᠠᠳᠠᠨᠠᠬᠢ  20% ᠶᠢᠨ ᠬᠠᠷᠢᠴᠠᠯ ᠢᠶᠠᠷ ᠡᠮᠨᠡᠯᠭᠡ ᠶᠢᠨ ᠲᠤᠰᠠᠯᠠᠮᠵᠢ ᠶᠢᠨ ᠮᠦᠩᠭᠦ ᠤᠯᠭᠤᠨ ᠠᠵᠤ ᠠᠮᠢᠳᠤᠷᠠᠯ ᠳᠤ ᠨᠢ ᠲᠤᠰᠠ ᠲᠡᠮᠵᠢᠯᠭᠡ ᠦᠵᠡᠬᠦᠯᠬᠦ ᠶᠢ ᠵᠢᠭᠠᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤ ᠵᠡᠮᠳᠡᠭᠴᠦᠳ ᠤᠨ ᠬᠤᠯᠪᠣᠭ᠎ᠠ ᠶᠢᠨ ᠬᠢᠨ ᠠᠵᠢᠯ ᠤᠨ ᠰᠡᠳᠬᠢᠴᠡ ᠪᠠᠨ ᠤᠯᠠᠮ ᠴᠢᠨᠠᠭᠰᠢᠲᠠ ᠥᠷᠭᠡᠳᠬᠡᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ  ᠶᠢᠨ ᠡᠷᠴᠢᠮ ᠢᠶᠠᠨ ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ ᠵᠡᠮᠳᠡᠭᠴᠦᠳ ᠲᠤ ᠴᠥᠮ ᠡᠮ ᠡᠮᠨᠡᠯᠭᠡ ᠶᠢᠨ ᠠᠪᠤᠷᠠᠨ ᠲᠤᠰᠠᠯᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠳ᠋ᠯᠡᠭᠦᠯᠬᠦ ᠶᠢ ᠪᠠᠳᠤᠯᠠᠨ᠂ ᠵᠡᠮᠳᠡᠭᠴᠦᠳ ᠤᠨ ᠬᠦᠴᠢᠷ ᠲᠦᠪᠡᠭᠳᠠᠢ ᠠᠰᠠᠭᠤᠳᠠᠯ ᠢ ᠰᠢᠢᠳᠪᠦᠷᠢᠯᠡᠵᠦ ᠦᠭᠭᠦ ᠪᠤᠯᠤᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号