ᠮᠠᠯᠵᠢᠬᠤ ᠣᠷᠣᠨ ᠤ ᠡᠯᠧᠺᠲᠷᠣᠨ ᠬᠤᠳᠠᠯᠳᠤᠭᠠᠨ ᠤ ᠴᠢᠳᠠᠪᠤᠷᠢ ᠶᠢ ᠦᠷᠭᠦᠯᠵᠢᠯᠡᠨ ᠥᠷᠭᠡᠳᠬᠡᠵᠦ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠤ ᠲᠣᠭᠠᠴᠢᠯᠠᠭᠰᠠᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠰᠢᠨ᠎ᠡ ᠤᠷᠤᠯᠳᠤᠭᠠᠨ ᠤ ᠵᠠᠮ ᠢ ᠨᠡᠭᠡᠭᠡᠪᠡ
ᠨᠡᠶᠢᠲᠡᠯᠡᠭᠰᠡᠨ ᠴᠠᠭ᠄
2024/3/21
     ᠣᠶᠢᠷ᠎ᠠ ᠶᠢᠨ ᠵᠢᠯ ᠳᠤ᠂ ᠣᠨᠴᠠᠯᠢᠭᠲᠤ ᠮᠠᠯ ᠤᠨ ᠠᠰᠢᠭ ᠰᠢᠮ᠎ᠡ ᠶᠢ ᠰᠦᠯᠵᠢᠶᠡᠨ ᠳᠡᠭᠡᠷ᠎ᠡ ᠪᠣᠷᠣᠯᠠᠭᠤᠯᠬᠤ ᠠᠷᠭ᠎ᠠ ᠵᠠᠮ ᠢ ᠥᠷᠭᠡᠳᠬᠡᠬᠦ ᠶᠢᠨ ᠲᠥᠯᠥᠭᠡ᠂ ᠬᠥᠳᠡᠭᠡ ᠲᠣᠰᠬᠤᠨ ᠤ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠬᠦ ᠶᠢᠨ ᠳᠦᠯᠦᠭᠡ᠂ ᠪᠠᠷᠠᠭᠤᠨ ᠦᠵᠦᠮᠦᠴᠢᠨ ᠬᠤᠰᠢᠭᠤᠨ ᠤ ᠲᠣᠭᠠᠴᠢᠯᠠᠭᠰᠠᠨ ᠠᠵᠤ ᠠᠬᠤᠢ ᠨᠢ ᠮᠠᠯᠵᠢᠬᠤ ᠣᠷᠣᠨ ᠤ  ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠴᠢᠳᠠᠪᠤᠷᠢ ᠪᠠᠨ ᠦᠷᠭᠦᠯᠵᠢᠯᠡᠨ ᠥᠷᠭᠡᠳᠬᠡᠬᠦ ᠶᠢ ᠶᠡᠬᠡᠪᠡᠷ ᠠᠬᠢᠭᠤᠯᠵᠤ᠂ ᠲᠤᠰ ᠭᠠᠵᠠᠷ ᠤᠨ ᠣᠨᠴᠠᠯᠢᠭᠲᠤ ᠡᠬᠢ ᠪᠠᠶᠠᠯᠢᠭ ᠲᠠᠭᠠᠨ ᠰᠠᠭᠤᠷᠢᠯᠠᠵᠤ᠂ ᠮᠠᠯ ᠤᠨ ᠠᠰᠢᠭ ᠰᠢᠮ᠎ᠡ ᠶᠢᠨ ᠪᠣᠷᠤᠯᠠᠭᠤᠯᠭ᠎ᠠ ᠶᠢᠨ ᠲᠠᠪᠴᠠᠩ ᠢ ᠪᠠᠶᠢᠭᠤᠯᠵᠤ᠂ ᠦᠨᠳᠦᠰᠦᠨ ᠱᠠᠲᠤᠨ ᠤ ᠮᠠᠯᠴᠢᠳ ᠢ ᠤᠯᠠᠨ ᠤᠳᠠᠭ᠎ᠠ ᠵᠣᠬᠢᠶᠠᠨ ᠪᠠᠶᠢᠭᠤᠯᠤᠨ ᠡᠯᠧᠺᠲᠷᠣᠨ ᠬᠤᠳᠠᠯᠳᠤᠭᠠᠨ ᠤ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢ ︽ᠵᠢᠵᠢᠭ ᠳᠡᠯᠭᠡᠴᠡ︾ ᠪᠠᠷ ᠪᠦᠬᠦ ᠤᠯᠤᠰ ᠤᠨ︽ᠲᠣᠮᠣ ᠵᠠᠬ᠎ᠠ ᠳᠡᠯᠭᠡᠭᠦᠷ︾ ᠲᠠᠢ ᠵᠣᠯᠭᠠᠭᠤᠯᠪᠠ᠃     ᠬᠤᠰᠢᠭᠤ ᠰᠢᠶᠠᠨ ᠤ ᠡᠯᠧᠺᠲᠷᠣᠨ ᠬᠤᠳᠠᠯᠳᠤᠭ᠎ᠠ ᠨᠢ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠠᠷᠭ᠎ᠠ ᠪᠠᠷᠢᠯ ᠪᠣᠯᠬᠤ ᠪᠠᠷ ᠪᠠᠷᠠᠬᠤ ᠦᠭᠡᠢ᠂ ᠨᠠᠩ ᠴᠤ ᠬᠤᠲᠠ ᠬᠥᠳᠡᠭᠡ ᠶᠢ ᠬᠤᠯᠪᠣᠬᠤ᠂ ᠠᠵᠤ ᠦᠢᠯᠡᠰ ᠤᠨ ᠲᠠᠰ ᠳᠡᠪᠰᠢᠬᠦ ᠶᠢ ᠳᠠᠶᠢᠴᠢᠯᠠᠬᠤ ᠴᠢᠬᠤᠯᠠ ᠬᠥᠭᠦᠷᠭᠡ ᠪᠣᠯᠬᠤ ᠶᠤᠮ᠃ ᠪᠠᠷᠠᠭᠤᠨ ᠦᠵᠦᠮᠦᠴᠢᠨ ᠬᠤᠰᠢᠭᠤ 2022 ᠣᠨ ᠠᠴᠠ 2023 ᠣᠨ ᠪᠣᠯᠲᠠᠯ᠎ᠠ ᠨᠡᠶᠢᠲᠡ 130 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠠᠯᠵᠢᠬᠤ ᠣᠷᠣᠨ ᠤ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠬᠥᠮᠥᠵᠢᠭᠦᠯᠬᠦ ᠵᠢᠴᠢ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠦᠢᠯᠡᠴᠢᠯᠡᠭᠡᠨ ᠤ ᠲᠠᠰᠤᠭ ᠪᠠᠶᠢᠭᠤᠯᠬᠤ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠰᠢᠭᠤᠳ ᠨᠡᠪᠲᠡᠷᠡᠭᠦᠯᠭᠡ ᠶᠢᠨ ᠲᠠᠰᠤᠭ ᠪᠠᠶᠢᠭᠤᠯᠬᠤ + ᠪᠠᠭ᠎ᠠ ᠬᠡᠪᠴᠢᠶᠡᠨ ᠤ ᠪᠣᠯᠪᠠᠰᠤᠷᠠᠭᠤᠯᠤᠯ + ᠭᠤᠣᠯᠳᠠᠯᠭ᠎ᠠ ᠲᠠᠢ ᠨᠡᠪᠴᠢᠭᠦᠯᠬᠦ︾ ᠵᠠᠭᠪᠤᠷ ᠢᠶᠠᠷ ᠥᠷᠨᠢᠭᠦᠯᠦᠭᠰᠡᠨ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠵᠤ᠂ ᠪᠠᠷᠠᠭᠤᠨ ᠦᠵᠦᠮᠦᠴᠢᠨ ᠬᠤᠰᠢᠭᠤᠨ ᠤ ᠡᠯᠧᠺᠲᠷᠣᠨ ᠬᠤᠳᠠᠯᠳᠤᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠥᠰᠢᠭᠡ ᠶᠢ ᠨᠡᠭᠡᠭᠡᠭᠰᠡᠨ ᠪᠠᠶᠢᠨ᠎ᠠ᠃ ᠣᠳᠣᠬᠠᠨ ᠳᠤ᠂ ᠪᠠᠷᠠᠭᠤᠨ ᠦᠵᠦᠮᠦᠴᠢᠨ ᠬᠤᠰᠢᠭᠤ ᠨᠢ ᠮᠠᠯᠵᠢᠬᠤ ᠣᠷᠣᠨ ᠤ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠨᠡᠶᠢᠲᠡ 70 ᠭᠠᠷᠤᠢ ᠬᠥᠮᠥᠵᠢᠭᠦᠯᠵᠦ᠂ ᠮᠠᠯᠵᠢᠬᠤ ᠣᠷᠣᠨ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠢ 20 ᠪᠠᠶᠢᠭᠤᠯᠵᠤ᠂ ᠣᠬᠤᠷ ᠹᠢᠯᠢᠮ ᠤᠨ ᠤᠷᠤᠯᠳᠤᠭᠠᠨ ᠢ 2 ᠬᠤᠭᠤᠴᠠᠭ᠎ᠠ ᠶᠠᠪᠤᠭᠳᠠᠭᠤᠯᠵᠤ᠂ ᠮᠠᠯᠵᠢᠬᠤ ᠣᠷᠣᠨ ᠤ ᠰᠢᠭᠤᠳ ᠨᠡᠪᠲᠡᠷᠡᠭᠦᠯᠭᠡ ᠶᠢᠨ ᠴᠢᠳᠠᠪᠤᠷᠢᠲᠠᠨ ᠤ ᠦᠢᠯᠡᠳᠦᠯᠭᠡ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠵᠡᠷᠭᠡᠪᠡᠷ ᠥᠷᠨᠢᠭᠦᠯᠪᠡ᠃ ᠪᠥᠬᠦ ᠬᠤᠰᠢᠭᠤᠨ ᠳᠤ ᠣᠲᠣ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 20 ᠪᠣᠶ᠂ ᠡᠭᠦᠨ ᠳᠤ ᠦᠬᠡᠷ ᠬᠤᠨᠢᠨ ᠮᠢᠬ᠎ᠠ ᠵᠡᠷᠭᠡ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠷᠣᠯᠠᠭᠤᠯᠬᠤ ᠠᠵᠤ ᠠᠬᠤᠶᠢᠯᠠᠯ 10᠂ ᠴᠠᠭᠠᠨ ᠢᠳᠡᠭᠡᠨ ᠤ ᠪᠣᠷᠤᠯᠠᠭᠤᠯᠭ᠎ᠠ 5 ᠪᠣᠶ᠃    ᠬᠠᠰᠴᠢᠮᠡᠭ ᠪᠣᠯ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠣᠯ ᠪᠠᠯᠭᠠᠰᠤᠨ ᠤ ᠬᠠᠯᠢᠭᠤᠳᠤ ᠭᠠᠴᠠᠭᠠᠨ ᠤ ᠮᠠᠯᠴᠢᠨ᠂ ᠮᠥᠨ ᠴᠦ ᠲᠣᠰ ᠬᠤᠰᠢᠭᠤᠨ ᠤ ᠳᠠᠷᠬᠠᠨ ᠮᠠᠯᠵᠢᠯ ᠤᠨ ᠲᠠᠯᠠᠪᠠᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠪᠣᠯᠣᠨ᠎ᠠ᠃ ᠲᠡᠭᠦᠨ ᠤ ᠡᠵᠡᠩᠨᠡᠵᠦ ᠪᠠᠶᠢᠭᠰᠠᠨ ᠳᠡᠯᠭᠡᠭᠦᠷ ᠲᠤ ᠣᠷᠣᠬᠤ ᠳᠤ᠂ ᠰᠢᠨ᠎ᠡ ᠰᠣᠷᠭᠤᠭ ᠬᠤᠨᠢᠨ ᠮᠢᠬ᠎ᠠ᠂ ᠦᠬᠡᠷ ᠤᠨ ᠮᠢᠬ᠎ᠠ᠂ ᠦᠬᠡᠷ ᠤᠨ ᠰᠢᠷᠪᠦᠰᠦ᠂ ᠦᠬᠡᠷ ᠤᠨ ᠬᠠᠪᠢᠷᠭ᠎ᠠ ᠵᠡᠷᠭᠡ ᠮᠢᠬᠠᠨ ᠤ ᠲᠦᠷᠦᠯ ᠵᠦᠢᠯ ᠤᠯᠠᠨ ᠪᠠᠶᠢᠵᠦ᠂ ᠳᠡᠯᠭᠡᠭᠦᠷ ᠤᠨ ᠡᠵᠡᠨ ᠶᠠᠭ ᠬᠡᠰᠡᠭᠯᠡᠭᠰᠡᠨ ᠦᠬᠡᠷ ᠤᠨ ᠮᠢᠬ᠎ᠠ ᠪᠠᠨ ᠪᠣᠭᠤᠳᠠᠯᠯᠠᠵᠤ ᠪᠠᠶᠢᠯ᠎ᠠ᠃ ᠲᠠᠨᠢᠯᠴᠠᠭᠤᠯᠤᠭᠰᠠᠨ ᠢᠶᠠᠷ᠂ ᠯᠠᠩᠭᠦᠢ ᠳᠡᠭᠡᠷ᠎ᠡ ᠬᠤᠳᠠᠯᠳᠤᠵᠤ ᠪᠠᠶᠢᠭ᠎ᠠ ᠦᠬᠡᠷ ᠤᠨ ᠮᠢᠬ᠎ᠠ ᠨᠢ ᠴᠥᠮ ᠰᠢᠨ᠎ᠡ ᠰᠣᠷᠭᠤᠭ ᠪᠡᠯᠴᠢᠭᠡᠷ ᠤᠨ ᠦᠬᠡᠷ ᠪᠠᠶᠢᠵᠤ᠂ ᠮᠢᠬ᠎ᠠ ᠨᠢ ᠰᠢᠨ᠎ᠡ ᠰᠣᠷᠭᠤᠭ᠂ ᠠᠮᠲᠠ ᠰᠢᠮᠲᠡ ᠲᠠᠢ ᠪᠠᠶᠢᠵᠤ᠂ ᠵᠣᠴᠢᠳ ᠤᠨ ᠲᠠᠭᠠᠰᠢᠶᠠᠯ ᠢ ᠣᠯᠵᠤ ᠪᠠᠶᠢᠨ᠎ᠠ᠃    ᠨᠢᠭᠡ ᠰᠦᠯᠵᠢᠶᠡᠨ ᠤ ᠤᠲᠠᠰᠤ ᠬᠤᠳᠠ ᠬᠥᠳᠡᠭᠡ ᠶᠢ ᠬᠤᠯᠪᠣᠨ᠎ᠠ᠃ ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠪᠠᠷ ᠳᠠᠮᠵᠢᠭᠤᠯᠤᠨ᠂ ᠲᠠᠷᠠᠬᠠᠢ ᠪᠤᠲᠠᠷᠬᠠᠢ ᠮᠠᠯᠵᠢᠬᠤ ᠡᠷᠦᠬᠡ ᠶᠢ ᠲᠣᠮᠣ ᠵᠠᠬ᠎ᠠ ᠳᠡᠯᠭᠡᠭᠦᠷ ᠲᠠᠢ ᠵᠣᠯᠭᠠᠭᠤᠯᠵᠤ᠂ ᠤᠯᠠᠮᠵᠢᠯᠠᠯᠲᠤ ᠮᠠᠯ ᠠᠵᠤ ᠠᠬᠤᠢ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠪᠠᠬᠢᠯᠡᠯᠲᠡ ᠶᠢ  ᠰᠢᠪᠳᠤᠯᠵᠦ᠂ ᠨᠠᠩ ᠣᠯᠠᠨ ᠨᠤᠲᠤᠭ ᠤᠨ ᠣᠨᠴᠠ ᠭᠠᠷᠤᠯᠲᠠ ᠶᠢ ︽ᠭᠠᠴᠠᠭ᠎ᠠ ᠠᠴᠠ ᠭᠠᠷᠭᠠᠵᠤ ᠬᠤᠲᠠ ᠣᠷᠣᠭᠤᠯᠬᠤ︾ ᠪᠣᠯᠭᠠᠵᠤ᠂ ᠠᠵᠤ ᠦᠢᠯᠡᠰ ᠤᠨ ᠬᠡᠯᠬᠢᠶ᠎ᠡ ᠶᠢ ᠪᠦᠲᠦᠮᠵᠢᠲᠡᠶ ᠪᠠᠷ ᠤᠷᠲᠤᠳᠬᠠᠨ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠨᠠᠩ ᠥᠷᠭᠡᠨ ᠣᠯᠠᠨ ᠮᠠᠯᠴᠢᠳ ᠲᠤ ᠣᠷᠣᠯᠭ᠎ᠠ ᠪᠠᠨ ᠨᠡᠮᠡᠭᠳᠡᠭᠦᠯᠬᠦ ᠥᠷᠭᠡᠨ ᠳᠠᠷᠳᠠᠩ ᠵᠠᠮ ᠢ ᠡᠭᠦᠳᠦᠨ ᠥᠭᠴᠡᠢ᠃ ᠡᠭᠦᠨ ᠤ ᠵᠡᠷᠭᠡ ᠳᠤ᠂ ᠲᠣᠰ ᠭᠠᠵᠠᠷ ᠣᠷᠣᠨ ᠤ ᠦᠢᠯᠡᠳᠬᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠭᠠᠷᠬᠤ ᠵᠠᠮ ᠤᠨ ᠬᠢᠵᠠᠭᠠᠷᠯᠠᠯ ᠳᠤ ᠴᠢᠭᠯᠡᠭᠦᠯᠦᠨ᠂ ᠪᠠᠷᠠᠭᠤᠨ ᠦᠵᠦᠮᠦᠴᠢᠨ ᠬᠤᠰᠢᠭᠤᠨ ᠤ ᠬᠢᠨ ᠢᠳᠡᠪᠬᠢᠲᠡᠢ ᠪᠠᠷ ᠤᠶᠠᠯᠳᠤᠯ ᠤᠨ ᠴᠡᠭ ᠢ ᠡᠷᠢᠵᠦ᠂ ᠡᠯᠧᠺᠲᠷᠣᠨ ᠬᠤᠳᠠᠯᠳᠤᠭᠠᠨ ᠤ ᠡᠯᠧᠮᠧᠨ᠋ᠲ ᠲᠤ ᠠᠭᠤᠰᠤᠯᠴᠠᠨ᠂ ᠠᠵᠤ ᠠᠬᠤᠶᠢᠯᠠᠯ ᠤᠨ ᠢᠨᠲ᠋ᠧᠷ ᠰᠦᠯᠵᠢᠶᠡᠨ ᠤ ᠰᠡᠳᠬᠢᠬᠦᠢ ᠪᠠᠷ ᠦᠢᠯᠡᠳᠬᠦᠨ ᠢᠶᠠᠨ ᠰᠦᠯᠵᠢᠶᠡᠨ ᠭᠠᠳᠠᠨ᠎ᠠ ᠠᠴᠠ ᠰᠦᠯᠵᠢᠶᠡᠨ ᠳᠡᠭᠡᠷ᠎ᠡ ᠭᠠᠷᠭᠠᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠬᠢᠭᠡᠳ ᠡᠯᠧᠺᠲᠷᠣᠨ ᠬᠤᠳᠠᠯᠳᠤᠭᠠᠨ ᠤ ᠲᠠᠪᠴᠠᠩ ᠤᠨ ᠨᠢᠭᠲᠠ ᠵᠣᠯᠭᠠᠯᠴᠠᠭ᠎ᠠ ᠂ ᠭᠦᠨᠵᠡᠭᠡᠢ ᠬᠠᠮᠲᠤᠷᠠᠯᠴᠠᠭ᠎ᠠ ᠶᠢ ᠲᠦᠯᠬᠢᠨ ᠠᠬᠢᠭᠤᠯᠵᠤ ᠪᠠᠶᠢᠨ᠎ᠠ᠃ ᠪᠠᠷᠠᠭᠤᠨ ᠦᠵᠦᠮᠦᠴᠢᠨ ᠬᠤᠰᠢᠭᠤ ᠪᠥᠬᠦ ᠬᠤᠰᠢᠭᠤᠨ ᠤ ᠮᠠᠯ ᠤᠨ ᠠᠰᠢᠭ ᠰᠢᠮ᠎ᠡ ᠶᠢᠨ ᠪᠣᠷᠤᠯᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ᠂ 2023 ᠣᠨ ᠳᠤ ︽ᠪᠠᠷᠠᠭᠤᠨ ᠦᠵᠦᠮᠦᠴᠢᠨ ᠤ ᠲᠠᠯ᠎ᠠ ᠨᠤᠲᠤᠭ ᠤᠨ 99 ᠳ᠋ᠤᠭᠡᠷ ᠵᠠᠰᠠᠮᠠᠯ ᠵᠠᠮ ᠢᠶᠠᠷ ᠠᠶᠠᠯᠠᠵᠤ᠂ ᠬᠥᠳᠡᠭᠡ ᠠᠵᠤ ᠠᠬᠤᠢ ᠶᠢ ᠲᠤᠰᠠᠯᠠᠬᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ︾ ᠠᠵᠢᠯᠯᠠᠭ᠎ᠠ ᠥᠷᠨᠢᠭᠦᠯᠵᠦ᠂ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 506 ᠲᠦᠮᠡᠨ ᠲᠥᠭᠦᠷᠢᠭ ᠲᠤ ᠬᠦᠷᠴᠡᠢ᠃ ︽ᠠᠮᠢᠵᠢᠷᠠᠯ ᠤᠨ ᠬᠦᠴᠦᠨ ᠲᠠᠢ ᠥᠪᠥᠷ ᠮᠣᠩᠭᠤᠯ · ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ︾ ᠰᠢᠷᠢᠰ ᠠᠵᠢᠯᠯᠠᠭ᠎ᠠ ᠶᠢ ᠥᠷᠨᠢᠭᠦᠯᠵᠦ᠂  ᠳ᠋ᠢ ᠺᠧ ᠯᠦᠩ ᠬᠤᠳᠠᠯᠳᠤᠭᠠᠨ ᠤ ᠲᠠᠯᠠᠪᠠᠶ᠂ ᠠᠷᠠᠯᠵᠢᠶ᠎ᠠ ᠬᠤᠳᠠᠯᠳᠤᠭᠠᠨ ᠤ ᠲᠣᠮᠣ ᠠᠰᠠᠷ᠂ ᠳ᠋ᠢ ᠺᠧ ᠯᠦᠩ ᠬᠡᠲᠦ ᠳᠡᠯᠭᠡᠭᠦᠷ ᠵᠡᠷᠭᠡ ᠠᠷᠠᠯᠵᠢᠶ᠎ᠠ ᠬᠤᠳᠠᠯᠳᠤᠭᠠᠨ ᠤ ᠬᠡᠲᠦ ᠳᠡᠯᠭᠡᠭᠦᠷ ᠢ ᠢᠳᠡᠪᠬᠢᠲᠡᠢ ᠵᠣᠬᠢᠶᠠᠨ ᠪᠠᠶᠢᠭᠤᠯᠤᠨ ᠵᠢᠯᠤᠭᠤᠳᠴᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠪᠤᠷᠤᠯᠠᠭᠤᠯᠬᠤ ᠶᠢ ᠤᠬᠠᠭᠤᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠢ ᠴᠡᠴᠡᠭᠯᠡᠭᠦᠯᠦᠨ ᠬᠥᠭᠵᠢᠭᠡᠨ ᠲᠠᠢ ᠪᠣᠯᠭᠠᠪᠠ᠃ ᠭᠤᠷᠪᠠᠨ ᠵᠢᠯ ᠳᠤ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠨᠡᠶᠢᠲᠡ 136 ᠤᠳᠠᠭ᠎ᠠ ᠥᠷᠨᠢᠭᠦᠯᠵᠦ᠂ ᠪᠣᠷᠤᠯᠠᠭᠤᠯᠭ᠎ᠠ ᠶᠢᠨ ᠲᠤᠭ᠎ᠠ ᠨᠢ 7510 ᠲᠦᠮᠡᠨ ᠲᠥᠭᠦᠷᠢᠭ ᠰᠢᠨ᠎ᠡ ᠪᠠᠷ ᠨᠡᠮᠡᠭᠳᠡᠪᠡ᠃ ᠭᠤᠷᠪᠠᠨ ᠵᠢᠯ ᠳᠠᠷᠠᠭᠠᠯᠠᠨ ︽ᠪᠠᠷᠠᠭᠤᠨ ᠦᠵᠦᠮᠦᠴᠢᠨ ᠤ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠪᠠᠶᠠᠷ︾ ᠤᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠡᠯ᠎ᠡ ᠠᠵᠤ ᠠᠬᠤᠶᠢᠯᠠᠯ᠂ ᠬᠤᠳᠠᠯᠳᠤᠭᠠᠴᠢᠳ ᠬᠢᠮᠳᠠᠷᠠᠭᠤᠯᠤᠨ ᠪᠣᠷᠣᠯᠠᠭᠤᠯᠬᠤ᠂ ᠰᠢᠭᠤᠳ ᠨᠡᠪᠲᠡᠷᠡᠭᠦᠯᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠡᠷᠡᠭᠯᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠤᠷᠪᠠᠨ ᠵᠢᠯ ᠳᠤ ᠨᠡᠶᠢᠲᠡ 7524 ᠲᠦᠮᠡᠨ ᠲᠥᠭᠦᠷᠢᠭ ᠤᠨ ᠪᠣᠷᠤᠯᠠᠭᠤᠯᠭ᠎ᠠ ᠶᠢᠨ ᠨᠣᠷᠮ᠎ᠠ ᠶᠢ ᠪᠡᠶᠡᠯᠡᠭᠦᠯᠪᠡ᠃      ᠲᠠᠯ᠎ᠠ ᠨᠤᠲᠤᠭ ᠤᠨ ᠮᠠᠯᠵᠢᠬᠤ ᠣᠷᠣᠨ ᠠᠴᠠ ᠲᠦᠭ ᠲᠦᠮᠡᠨ ᠠᠶᠢᠯ ᠡᠷᠦᠬᠡ ᠬᠦᠷᠲᠡᠯ᠎ᠡ᠂ ᠤᠯᠠᠮᠵᠢᠯᠠᠯᠲᠤ ᠠᠷᠠᠯᠵᠢᠶ᠎ᠠ ᠬᠤᠳᠠᠯᠳᠤᠭ᠎ᠠ ᠠᠴᠠ ᠲᠣᠭᠠᠴᠢᠯᠠᠭᠰᠠᠨ ᠮᠡᠷᠭᠡᠵᠢᠯ ᠬᠦᠷᠲᠡᠯ᠎ᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠥᠷᠨᠢᠩᠭᠦᠢ ᠬᠥᠭᠵᠢᠯᠲᠡ ᠨᠢ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ   ᠶᠢᠨ ᠳᠠᠬᠢᠨᠲᠠ ᠬᠥᠭᠵᠢᠬᠦ   ᠶᠢ ᠠᠬᠢᠭᠤᠯᠵᠤ᠂ ᠬᠤᠲᠠ ᠬᠥᠳᠡᠭᠡ   ᠶᠢᠨ ᠬᠥᠭᠵᠢᠯᠲᠡ ᠳᠤ ᠨᠡᠮᠡᠭᠳᠡᠯ ᠡᠨᠧᠷᠭᠢ ᠣᠯᠭᠤᠵᠤ᠂ ᠬᠥᠬᠡᠮᠳᠦᠭ ᠨᠣᠭᠤᠭᠠᠨ ᠠᠭᠤᠯᠠ ᠤᠰᠤ   ᠶᠢ ᠦᠨᠡᠨᠬᠦ ᠣᠯᠠᠨ ᠲᠦᠮᠡᠨ ᠤ ᠪᠠᠶᠠᠵᠢᠨ ᠴᠢᠨᠡᠭᠡᠯᠢᠭᠵᠢᠬᠦ ᠠᠯᠲᠠᠨ ᠮᠥᠩᠭᠦᠨ ᠠᠭᠤᠯᠠ ᠪᠣᠯᠭᠠᠵᠤ᠂ ᠬᠥᠳᠡᠭᠡ ᠲᠣᠰᠬᠤᠨ ᠤ ᠲᠣᠭᠠᠴᠢᠯᠠᠭᠰᠠᠨ ᠠᠵᠤ ᠦᠢᠯᠡᠰ   ᠢ ᠬᠥᠭᠵᠢᠭᠦᠯᠦᠨ ᠮᠠᠨᠳᠤᠭᠤᠯᠬᠤ ᠰᠢᠨ᠎ᠡ ᠤᠷᠤᠯᠳᠤᠭᠠᠨ ᠤ ᠵᠠᠮ   ᠢ ᠨᠡᠭᠡᠭᠡᠭᠰᠡᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号