ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/3/21
    ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠮᠠᠯ ᠵᠠᠮ ᠳᠠᠭᠠᠤ ᠶᠢᠨ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 15 ᠤ ᠡᠳᠦᠷ ᠠᠴᠠ 19 ᠤ ᠡᠳᠦᠷ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠨ ᠢᠶᠠᠨ ᠵᠣᠬᠢᠶᠠᠨ ᠪᠠᠶᠢᠭᠤᠯᠤᠨ ᠵᠠᠰᠠᠮᠠᠯ ᠵᠠᠮ ᠳᠠᠭᠠᠤ ᠶᠢᠨ ᠬᠠᠷᠢᠭᠤᠴᠠᠯᠭ᠎ᠠ ᠶᠢᠨ ᠣᠷᠣᠨ ᠳᠤ ᠣᠴᠢᠵᠤ᠂ ︽ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠵᠤ ᠣᠷᠣᠰᠢᠨ ᠰᠠᠭᠤᠬᠤ ᠳᠤ ᠲᠣᠬᠢᠷᠠᠮᠵᠢᠲᠠᠢ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠬᠤ︾ ᠠᠵᠢᠯᠯᠠᠭ᠎ᠠ ᠶᠢ ᠥᠷᠨᠢᠭᠦᠯᠪᠡ᠃
       ᠠᠵᠢᠯᠯᠠᠭ᠎ᠠ ᠳᠤ᠂ ᠣᠯᠠᠨ ᠢᠶᠠᠷ ᠢᠶᠠᠨ ᠬᠥᠳᠡᠯᠮᠦᠷᠢ ᠶᠢᠨ ᠬᠠᠯᠠᠭᠤᠨ ᠰᠡᠳᠬᠢᠯᠭᠡ ᠲᠠᠢ ᠪᠠᠶᠢᠵᠤ᠂ ᠪᠤᠵᠠᠷ ᠡᠳ᠋ ᠠᠴᠠ ᠠᠶᠤᠬᠤ ᠦᠭᠡᠢ᠂ ᠬᠦᠴᠢᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠤᠨ᠂ ᠵᠠᠰᠠᠮᠠᠯ ᠵᠠᠮ ᠤᠨ ᠬᠤᠶᠠᠷ ᠬᠠᠵᠠᠭᠤ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠴᠠᠭᠠᠨ ᠥᠩᠭᠡ ᠶᠢᠨ ᠬᠤᠭ ᠨᠣᠪᠰᠢ᠂ ᠡᠯᠭᠦᠮᠡᠯ ᠪᠣᠳᠠᠰ᠂ ᠬᠠᠶᠠᠭᠳᠠᠮᠠᠯ ᠪᠣᠳᠠᠰ ᠵᠡᠷᠭᠡ ᠠᠷᠢᠭᠤᠨ ᠴᠡᠪᠡᠷ ᠤᠨ ᠳᠦᠷᠰᠦ ᠪᠠᠶᠢᠳᠠᠯ ᠢ ᠬᠤᠬᠢᠷᠠᠭᠤᠯᠬᠤ ᠡᠯ᠎ᠡ ᠲᠥᠷᠥᠯ ᠤᠨ ᠬᠤᠭ ᠨᠣᠪᠰᠢ ᠶᠢ ᠭᠤᠣᠯᠳᠠᠯᠭ᠎ᠠ ᠲᠠᠢ ᠪᠠᠷ ᠴᠡᠭᠴᠡᠯᠡᠨ ᠴᠡᠪᠡᠷᠯᠡᠪᠡ᠃
   ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠺᠠᠳ᠋ᠷ ᠠᠵᠢᠯᠲᠠᠨ ᠤ ᠣᠷᠴᠢᠨ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠮᠠᠯ ᠵᠠᠮ ᠳᠠᠭᠠᠤ ᠶᠢᠨ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠰᠠᠶᠢᠵᠢᠷᠠᠭᠤᠯᠤᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠪᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号