ᠦᠵᠦᠮᠦᠴᠢᠨ  ᠴᠠᠭᠠᠨ ᠮᠣᠷᠢ 9.8  ᠲᠦᠮᠠ ᠳᠤ ᠭᠦᠷᠦᠯ᠎ᠠ
ᠨᠡᠶᠢᠲᠡᠯᠡᠭᠰᠡᠨ ᠴᠠᠭ᠄
2024/3/21
           3 ᠰᠠᠷ᠎ᠠ ᠶᠢᠨ 18 ᠤ ᠡᠳᠦᠷ᠂  ︽ᠮᠧᠩ ᠮᠧᠩ ᠮᠠ︾   ᠤᠨ ᠪᠥᠬᠦ ᠤᠯᠤᠰ ᠤᠨ ᠠᠩᠬᠠᠨ ᠤ ᠲᠠᠷᠬᠠᠭᠠᠯᠲᠠ ᠵᠢᠴᠢ  ᠠᠩᠬᠠᠳᠣᠭᠠᠷ ᠤᠳᠠᠭᠠᠨ ᠤ ᠦᠨ᠎ᠡ ᠬᠠᠶᠠᠯᠴᠠᠨ ᠬᠤᠳᠠᠯᠳᠤᠬᠤ ᠴᠤᠭᠯᠠᠭᠠᠨ ᠱᠧᠨᠵᠧᠨ ᠤ  ᠴᠢ ᠵᠢᠢ ᠮᠤᠷᠢᠨ ᠤ ᠲᠠᠯᠠᠪᠠᠶ ᠳᠤ ᠦᠪᠡᠳᠡᠭᠰᠢ  ᠶᠠᠬᠡᠪᠠᠷ ᠶᠠᠪᠤᠭᠳᠠᠵᠡᠢ᠃          ᠦᠨ᠎ᠡ ᠬᠠᠶᠠᠯᠴᠠᠨ ᠬᠤᠳᠠᠯᠳᠣᠬᠤ ᠶᠠᠪᠤᠴᠠ ᠳᠤ ᠦᠵᠦᠮᠦᠴᠢᠨ ᠴᠠᠭᠠᠨ ᠠᠳᠣᠭᠤ ᠪᠠᠶ᠎ᠠ ᠪᠢᠯᠳᠠᠷ᠂ ᠴᠤᠪᠤᠭᠤ ᠤᠬᠠᠭᠠᠯᠢᠭ᠂ ᠲᠠᠰᠪᠤᠷᠢ ᠲᠠᠭᠠᠭᠠᠴᠠ ᠪᠠᠷ ᠢᠶᠠᠨ ᠡᠯ᠎ᠠ ᠭᠠᠵᠠᠷ ᠠᠴᠠ ᠭᠦᠷᠦᠯᠴᠠᠨ ᠢᠷᠡᠭᠰᠠᠨ ᠬᠦᠮᠦᠰ ᠤᠨ  ᠮᠠᠭᠳᠠᠭᠠᠯ ᠪᠠᠭ᠋ᠠᠷᠬᠠᠯ ᠢ  ᠲᠠᠳᠠᠵᠦ᠂    ᠬᠤᠷᠴᠠ ᠰᠢᠷᠣᠬᠦᠨ ᠢᠶᠠᠷ ᠦᠨ᠎ᠠ  ᠬᠠᠶᠠᠯᠴᠠᠨ᠂ ᠤᠯᠠᠨ ᠬᠦᠮᠦᠨ ᠭᠦᠷᠦᠯᠴᠠᠨ  ᠢᠷᠡᠵᠦ ᠬᠤᠳᠠᠯᠳᠣᠨ ᠠᠪᠤᠭᠰᠠᠨ ᠮᠦᠷᠳᠠᠬᠡᠨ ᠬᠠᠮᠤᠭ ᠦᠨᠳᠣᠷ ᠬᠤᠳᠠᠯᠳᠣᠨ ᠠᠪᠤᠭᠰᠠᠨ ᠦᠨ᠎ᠠ ᠬᠠᠩᠰᠢ ᠨᠢ  9.8 ᠲᠦᠮᠡᠨ ᠲᠥᠭᠦᠷᠢᠭ ᠲᠤ  ᠭᠦᠷᠦᠭᠰᠠᠨ ᠪᠠᠶᠢᠨ᠎ᠠ᠃      ᠲᠤᠰ ᠤᠳᠠᠭᠠᠨ ᠤ ᠦᠨ᠎ᠡ ᠬᠠᠶᠠᠵᠤ ᠬᠤᠳᠠᠯᠳᠤᠬᠤ ᠴᠤᠭᠯᠠᠭᠠᠨ‌ᠠᠮᠵᠢᠯᠳᠠᠳᠠᠢ ᠶᠠᠪᠤᠭᠳᠠᠭᠰᠠᠨ ᠨᠢ ᠦᠵᠦᠮᠦᠴᠢᠨ ᠴᠠᠭᠠᠨ  ᠠᠳᠤᠭᠤᠨ ᠤ ᠠᠵᠤ ᠦᠢᠯᠡᠰ ᠤᠨ ᠭᠦᠭᠵᠢᠯᠳᠠ ᠶᠢ ᠠᠬᠢᠭᠤᠯᠬᠤ  ᠰᠠᠶᠢᠨ ᠠᠵᠠ ᠲᠣᠬᠢᠶᠠᠯ ᠪᠤᠯᠬᠤ  ᠮᠦᠷᠳᠠᠬᠡᠨ  ᠦᠵᠦᠮᠦᠴᠢᠨ  ᠴᠠᠭᠠᠨ ᠠᠳᠤᠭᠤᠨ ᠤ ᠨᠠᠷ᠎ᠠ ᠠᠯᠳᠠᠷᠰᠢᠯ ᠢ ᠳᠡᠭᠡᠭᠰᠢᠯᠡᠭᠦᠯᠬᠦ᠂  ᠴᠠᠭᠠᠨ ᠠᠳᠤᠭᠤᠨ ᠤ ᠨᠤᠲᠤᠭ ︱ ᠪᠠᠷᠠᠭᠤᠨ ᠦᠵᠦᠮᠦᠴᠢᠨ ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ᠂  ᠮᠠᠯᠴᠢᠳ ᠢ ᠪᠦᠲᠦᠮᠵᠢᠲᠡᠶ ᠪᠠᠷ ᠳᠠᠶᠢᠴᠢᠯᠠᠨ ᠣᠷᠣᠯᠭ᠎ᠠ ᠶᠢ ᠨᠢ  ᠨᠡᠮᠡᠭᠳᠠᠭᠦᠯᠭᠦ ᠳᠤ ᠴᠢᠬᠤᠯᠠ  ᠠᠴᠢ ᠬᠤᠯᠪᠣᠭᠳᠠᠯ ᠲᠠᠢ ᠶᠤᠮ᠃     ᠰᠣᠷᠪᠤᠯᠵᠢᠯᠠᠭ᠎ᠠ᠄  ᠪᠠᠷᠠᠭᠤᠨ ᠦᠵᠦᠮᠦᠴᠢᠨ ᠬᠤᠰᠢᠭᠤᠨ ᠤ ᠦᠵᠦᠮᠦᠴᠢᠨ ᠴᠠᠭᠠᠨ  ᠠᠳᠣᠭᠤᠨ   ᠤ ᠰᠣᠶᠣᠯ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠪᠥᠬᠡᠪᠢᠯᠢᠭ᠄ ︽ᠤᠨᠠᠭ᠎ᠠ ᠪᠠᠷᠤᠭ ᠵᠢᠯ ᠳᠤ ᠪᠠᠨ  4000 ᠲᠥᠭᠦᠷᠢᠭ ᠠᠴᠠ 5000 ᠲᠥᠭᠦᠷᠢᠭ ᠭᠦᠷᠳᠡᠭ᠂ ᠤᠯᠠᠮᠵᠢᠯᠠᠯᠲᠤ ᠠᠷᠭ᠎ᠠ ᠪᠠᠷ ᠰᠤᠷᠭᠠᠭᠰᠠᠨ ᠮᠣᠷᠢ  ᠨᠢ1.2 ᠲᠦᠮᠡ ᠠᠴᠠ 1.5 ᠲᠦᠮᠡᠨ ᠲᠥᠭᠦᠷᠢᠭ ᠢᠶᠠᠷ  ᠭᠦᠷᠳᠡᠭ᠃ ᠡᠨᠡ ᠤᠳᠠᠭ᠎ᠠ PONY ᠮᠣᠷᠢᠨ ᠤ ᠠᠷᠭ᠎ᠠ ᠪᠠᠷ  ᠰᠣᠷᠭᠠᠭᠰᠠᠨ  ᠤ ᠲᠠᠷᠠᠭ᠎ᠠ᠂ ᠨᠠᠭᠠᠲᠤ ᠵᠠᠬ᠎ᠠ ᠳᠠᠭᠠᠨ 3 ᠲᠦᠮᠡ ᠠᠴᠠ 5 ᠲᠦᠮᠡᠨ ᠲᠥᠭᠦᠷᠢᠭ ᠢᠶᠠᠷ ᠬᠤᠳᠠᠯᠳᠤᠵᠤ᠂ ᠦᠨ᠎ᠠ ᠬᠠᠩᠰᠢ ᠶᠢᠨ ᠲᠠᠯ᠎ᠠ   ᠳᠤ ᠶᠡᠭᠡ ᠰᠠᠶᠢᠨ ᠪᠠᠶᠢᠨ᠎ᠠ︾ ᠭᠡᠯ᠎ᠡ᠃     2023 ᠣᠨ ᠳᠤ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠨᠢ ᠲᠤᠬᠠᠢ ᠶᠢᠨ ᠭᠠᠵᠠᠷ ᠤᠨ ᠠᠳᠤᠭᠤᠨ ᠤ ᠡᠬᠢ ᠪᠠᠶᠠᠯᠢᠭ ᠪᠣᠯᠣᠨ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠭᠤᠷᠢᠯᠠᠵᠤ᠂ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ᠂  ᠴᠢ ᠵᠢᠢ  ︵ᠱᠧᠨᠵᠧᠨ︶ᠤᠯᠠᠨ ᠤᠯᠤᠰ ᠤᠨ ᠠᠳᠤᠭᠤᠨ ᠤ ᠮᠡᠷᠭᠡᠵᠢᠯ ᠤᠨ ᠺᠯᠦ᠋ᠪ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠵᠤ᠂ ᠰᠢᠯᠢ ᠶᠢᠨ ᠭᠤᠣᠯ ᠤᠨ PONY ᠠᠳᠤᠭᠤᠨ ᠤ ᠲᠦᠷᠦᠯ ᠲᠡᠮᠳᠡᠭ ᠢ ᠪᠣᠶᠢᠵᠢᠭᠤᠯᠤᠨ ᠡᠭᠦᠳᠴᠦ᠂ ᠲᠡᠭᠦᠨ ᠢ ︽ᠮᠧᠩ ᠮᠧᠩ  ᠮᠤᠷᠢ︾ ᠭᠡᠵᠦ ᠨᠡᠷᠡᠯᠡᠵᠡᠢ᠃ ᠮᠠᠨ ᠤ ᠬᠤᠰᠢᠭᠤᠨ ᠤ ᠰᠣᠩᠭᠤᠨ ᠬᠦᠷᠭᠡᠭᠰᠡᠨ 15 ᠦᠵᠦᠮᠦᠴᠢᠨ ᠴᠠᠭᠠᠨ ᠮᠣᠷᠢ ᠨᠢ ᠱᠧᠨᠵᠧᠨ ᠬᠤᠳᠠ ᠳᠤ ᠰᠢᠰᠲ᠋ᠧᠮ ᠲᠠᠢ ᠪᠤᠯᠪᠠᠰᠣᠷᠠᠯ ᠭᠦᠷᠳᠠᠵᠦ᠂ ᠦᠵᠦᠮᠦᠴᠢᠨ ᠴᠠᠭᠠᠨ ᠮᠣᠷᠢᠨ ᠤ  ᠬᠤᠷᠴᠠ ᠰᠠᠷᠬᠦᠯᠠᠩ ᠪᠠ ᠲᠠᠰᠪᠤᠷᠢ ᠲᠠᠭᠠᠭᠠᠴᠠ ᠳᠤ ᠰᠠᠭᠤᠷᠢᠯᠠᠨ᠂ ᠰᠢᠯᠢ ᠶᠢᠨ ᠭᠤᠣᠯ ᠤᠨ PONY ᠠᠳᠤᠭᠤᠨ ᠤ ᠲᠦᠷᠦᠯ ᠲᠡᠮᠳᠡᠭ ᠢ ᠴᠢᠷᠮᠠᠶᠢᠨ ᠡᠭᠦᠳᠦᠭᠰᠠᠨ ᠪᠠᠶᠢᠨ᠎ᠠ᠃     ᠰᠣᠷᠪᠤᠯᠵᠢᠯᠠᠭ᠎ᠠ᠄ ᠪᠡᠭᠡᠵᠢᠩ ᠤᠨ ᠬᠤᠳᠠᠯᠳᠣᠨ ᠠᠪᠤᠭᠴᠢ᠄ ︽ᠨᠢᠳᠤᠨᠤᠨ ᠦᠵᠦᠮᠦᠴᠢᠨ  ᠴᠠᠭᠠᠨ ᠮᠣᠷᠢ ᠱᠧᠨᠵᠧᠨ ᠳᠤ  ᠢᠷᠡᠭᠰᠠᠨ ᠤ ᠳᠠᠷᠠᠭ᠎ᠠ᠂ ᠪᠢᠳᠡ ᠭᠠᠷ ᠤᠲᠠᠰᠤᠨ ᠳᠡᠭᠡᠷ᠎ᠡ ᠠᠴᠠ  ᠪᠤᠯᠪᠠᠰᠣᠷᠠᠯ ᠤᠨ  ᠪᠠᠶᠢᠳᠠᠯ ᠢ ᠨᠢ ᠨᠠᠷᠢᠨ ᠦᠢᠯᠠᠭᠠᠵᠦ  ᠂  ᠪᠥᠬᠦ ᠶᠠᠪᠤᠴᠠ ᠶᠢ ᠨᠢ  ᠠᠩᠬᠠᠷᠴᠦ ᠪᠠᠶᠢᠭᠰᠠᠨ ᠶᠤᠮ᠃ ᠡᠶᠢᠮᠦ ᠠᠴᠠ ᠡᠨᠡ ᠤᠳᠠᠭ᠎ᠠ ᠲᠤᠰᠬᠠᠶᠢᠯᠠᠨ ᠢᠷᠡᠵᠦ  ᠦᠵᠦᠮᠦᠴᠢᠨ ᠴᠠᠭᠠᠨ  ᠠᠳᠣᠭᠤ ᠶᠢ ᠤᠯᠠᠮ ᠨᠢᠭᠡ ᠠᠯᠬᠤᠮ ᠣᠶᠢᠯᠠᠭᠠᠪᠠ᠂ ᠦᠵᠦᠮᠦᠴᠢᠨ  ᠴᠠᠭᠠᠨ ᠮᠣᠷᠢ ᠭᠤᠷᠪᠠᠨ ᠰᠠᠷ᠎ᠠ ᠶᠢᠨ   ᠪᠤᠯᠪᠠᠰᠣᠷᠠᠯ ᠢ ᠦᠩᠬᠡᠷᠡᠬᠡᠬᠡᠳ ᠮᠠᠰᠢ ᠶᠡᠭᠡ ᠬᠤᠪᠢᠷᠠᠯᠳᠠ ᠲᠠᠢ ᠪᠠᠶᠢᠨ᠎ᠠ︾ ᠭᠡᠯ᠎ᠡ᠃     ᠦᠵᠦᠮᠦᠴᠢᠨ  ᠴᠠᠭᠠᠨ ᠠᠳᠣᠭᠤ ᠨᠢ ᠨᠡᠶᠢᠲᠡᠯᠢᠭ PONY ᠮᠣᠷᠢᠨ ᠳᠤ  ᠪᠠᠭᠳᠠᠳᠠᠭ᠃ PONY ᠮᠣᠷᠢᠨ ᠤ ᠬᠡᠷᠡᠭᠴᠡᠭᠡ ᠥᠷᠭᠡᠨ᠂ ᠬᠡᠷᠡᠭᠴᠡᠭᠡ ᠨᠡᠯᠢᠶᠡᠳ ᠶᠡᠭᠡ ᠪᠠᠶᠢᠵᠤ᠂ 6   ᠠᠴᠠ 16 ᠨᠠᠰᠤᠨ ᠤ ᠵᠠᠯᠠᠭᠤᠴᠤᠳ ᠪᠠᠭᠠᠴᠤᠳ ᠤᠨ ᠵᠢᠭᠠᠨ ᠰᠤᠷᠭᠠᠯᠲᠠ ᠳᠤ ᠬᠡᠷᠡᠭᠯᠡᠬᠦ ᠠᠴᠠ ᠭᠠᠳᠠᠨ᠎ᠠ᠂ ᠵᠤᠭᠠᠴᠠᠨ ᠲᠣᠭᠤᠷᠢᠬᠤ᠂ᠲᠤᠰᠬᠠᠢ ᠮᠡᠷᠭᠡᠵᠢᠯ ᠤᠨ ᠮᠣᠷᠢᠨ ᠮᠡᠷᠭᠡᠵᠢᠯ ᠤᠨ ᠤᠷᠤᠯᠳᠤᠭᠠᠨ ᠵᠡᠷᠬᠡ ᠳᠤ ᠦᠷᠬᠡᠨ ᠢᠶᠠᠷ ᠬᠡᠷᠡᠭᠯᠡᠭᠳᠡᠳᠡᠭ  ᠪᠠᠶᠢᠨ᠎ᠠ᠂ ᠰᠢᠯᠢ ᠶᠢᠨ ᠭᠤᠣᠯ ᠤᠨ PONY ᠮᠣᠷᠢᠨ ᠤ ᠨᠠᠷᠠᠲᠤ ᠲᠡᠮᠳᠡᠭ   ᠢ ᠡᠭᠦᠳᠴᠦ᠂ ᠦᠵᠦᠮᠦᠴᠢᠨ ᠤ  ᠴᠠᠭᠠᠨ ᠠᠳᠣᠭᠤᠨ ᠤ ᠠᠵᠤ ᠠᠬᠤᠢ ᠶᠢᠨ ᠥᠷᠲᠡᠭ ᠪᠠ ᠨᠡᠮᠡᠯᠲᠡ ᠥᠷᠲᠡᠭ   ᠢ  ᠳᠡᠭᠡᠭᠰᠢᠯᠡᠭᠦᠯᠵᠦ᠂ ᠮᠣᠷᠢᠨ ᠤ ᠠᠵᠤ ᠦᠢᠯᠡᠰ ᠤᠨ ᠬᠡᠯᠬᠢᠶ᠎ᠡ ᠶᠢ ᠤᠷᠳᠣᠳᠬᠠᠬᠤ   ᠪᠠᠷ ᠪᠠᠶᠢᠨ᠎ᠠ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号