ᠪᠠᠷᠠᠭᠤᠨ ᠦᠵᠦᠮᠦᠴᠢᠨ ᠬᠤᠰᠢᠭᠤ ᠮᠠᠯᠵᠢᠬᠤ ᠣᠷᠣᠨ ᠤ ᠡᠯᠧᠺᠲᠷᠣᠨ ᠬᠤᠳᠠᠯᠳᠤᠭᠠᠨ ᠤ ᠴᠢᠳᠠᠪᠤᠷᠢ ᠶᠢ ᠦᠷᠭᠦᠯᠵᠢᠯᠡᠨ ᠥᠷᠭᠡᠳᠬᠡᠵᠦ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2024/3/21
    ᠣᠶᠢᠷ᠎ᠠ ᠶᠢᠨ ᠵᠢᠯ ᠳᠤ᠂ ᠣᠨᠴᠠᠯᠢᠭᠲᠤ ᠮᠠᠯ ᠤᠨ ᠠᠰᠢᠭ ᠰᠢᠮ᠎ᠡ ᠶᠢ ᠰᠦᠯᠵᠢᠶᠡᠨ ᠳᠡᠭᠡᠷ᠎ᠡ ᠪᠣᠷᠣᠯᠠᠭᠤᠯᠬᠤ ᠠᠷᠭ᠎ᠠ ᠵᠠᠮ ᠢ ᠥᠷᠭᠡᠳᠬᠡᠬᠦ ᠶᠢᠨ ᠲᠥᠯᠥᠭᠡ᠂ ᠬᠥᠳᠡᠭᠡ ᠲᠣᠰᠬᠤᠨ ᠤ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠬᠦ ᠶᠢᠨ ᠳᠦᠯᠦᠭᠡ᠂ ᠪᠠᠷᠠᠭᠤᠨ ᠦᠵᠦᠮᠦᠴᠢᠨ ᠬᠤᠰᠢᠭᠤᠨ ᠤ ᠲᠣᠭᠠᠴᠢᠯᠠᠭᠰᠠᠨ ᠠᠵᠤ ᠠᠬᠤᠢ ᠨᠢ ᠮᠠᠯᠵᠢᠬᠤ ᠣᠷᠣᠨ ᠤ  ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠴᠢᠳᠠᠪᠤᠷᠢ ᠪᠠᠨ ᠦᠷᠭᠦᠯᠵᠢᠯᠡᠨ ᠥᠷᠭᠡᠳᠬᠡᠬᠦ ᠶᠢ ᠶᠡᠬᠡᠪᠡᠷ ᠠᠬᠢᠭᠤᠯᠵᠤ᠂ ᠲᠤᠰ ᠭᠠᠵᠠᠷ ᠤᠨ ᠣᠨᠴᠠᠯᠢᠭᠲᠤ ᠡᠬᠢ ᠪᠠᠶᠠᠯᠢᠭ ᠲᠠᠭᠠᠨ ᠰᠠᠭᠤᠷᠢᠯᠠᠵᠤ᠂ ᠮᠠᠯ ᠤᠨ ᠠᠰᠢᠭ ᠰᠢᠮ᠎ᠡ ᠶᠢᠨ ᠪᠣᠷᠤᠯᠠᠭᠤᠯᠭ᠎ᠠ ᠶᠢᠨ ᠲᠠᠪᠴᠠᠩ ᠢ ᠪᠠᠶᠢᠭᠤᠯᠵᠤ᠂ ᠦᠨᠳᠦᠰᠦᠨ ᠱᠠᠲᠤᠨ ᠤ ᠮᠠᠯᠴᠢᠳ ᠢ ᠤᠯᠠᠨ ᠤᠳᠠᠭ᠎ᠠ ᠵᠣᠬᠢᠶᠠᠨ ᠪᠠᠶᠢᠭᠤᠯᠤᠨ ᠡᠯᠧᠺᠲᠷᠣᠨ ᠬᠤᠳᠠᠯᠳᠤᠭᠠᠨ ᠤ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢ ︽ᠵᠢᠵᠢᠭ ᠳᠡᠯᠭᠡᠴᠡ︾ ᠪᠠᠷ ᠪᠦᠬᠦ ᠤᠯᠤᠰ ᠤᠨ︽ᠲᠣᠮᠣ ᠵᠠᠬ᠎ᠠ ᠳᠡᠯᠭᠡᠭᠦᠷ︾ ᠲᠠᠢ ᠵᠣᠯᠭᠠᠭᠤᠯᠪᠠ᠃    ᠬᠤᠰᠢᠭᠤ ᠰᠢᠶᠠᠨ ᠤ ᠡᠯᠧᠺᠲᠷᠣᠨ ᠬᠤᠳᠠᠯᠳᠤᠭ᠎ᠠ ᠨᠢ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠠᠷᠭ᠎ᠠ ᠪᠠᠷᠢᠯ ᠪᠣᠯᠬᠤ ᠪᠠᠷ ᠪᠠᠷᠠᠬᠤ ᠦᠭᠡᠢ᠂ ᠨᠠᠩ ᠴᠤ ᠬᠤᠲᠠ ᠬᠥᠳᠡᠭᠡ ᠶᠢ ᠬᠤᠯᠪᠣᠬᠤ᠂ ᠠᠵᠤ ᠦᠢᠯᠡᠰ ᠤᠨ ᠲᠠᠰ ᠳᠡᠪᠰᠢᠬᠦ ᠶᠢ ᠳᠠᠶᠢᠴᠢᠯᠠᠬᠤ ᠴᠢᠬᠤᠯᠠ ᠬᠥᠭᠦᠷᠭᠡ ᠪᠣᠯᠬᠤ ᠶᠤᠮ᠃ ᠪᠠᠷᠠᠭᠤᠨ ᠦᠵᠦᠮᠦᠴᠢᠨ ᠬᠤᠰᠢᠭᠤ 2022 ᠣᠨ ᠠᠴᠠ 2023 ᠣᠨ ᠪᠣᠯᠲᠠᠯ᠎ᠠ ᠨᠡᠶᠢᠲᠡ 130 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠠᠯᠵᠢᠬᠤ ᠣᠷᠣᠨ ᠤ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠬᠥᠮᠥᠵᠢᠭᠦᠯᠬᠦ ᠵᠢᠴᠢ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠦᠢᠯᠡᠴᠢᠯᠡᠭᠡᠨ ᠤ ᠲᠠᠰᠤᠭ ᠪᠠᠶᠢᠭᠤᠯᠬᠤ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠰᠢᠭᠤᠳ ᠨᠡᠪᠲᠡᠷᠡᠭᠦᠯᠭᠡ ᠶᠢᠨ ᠲᠠᠰᠤᠭ ᠪᠠᠶᠢᠭᠤᠯᠬᠤ + ᠪᠠᠭ᠎ᠠ ᠬᠡᠪᠴᠢᠶᠡᠨ ᠤ ᠪᠣᠯᠪᠠᠰᠤᠷᠠᠭᠤᠯᠤᠯ + ᠭᠤᠣᠯᠳᠠᠯᠭ᠎ᠠ ᠲᠠᠢ ᠨᠡᠪᠴᠢᠭᠦᠯᠬᠦ︾ ᠵᠠᠭᠪᠤᠷ ᠢᠶᠠᠷ ᠥᠷᠨᠢᠭᠦᠯᠦᠭᠰᠡᠨ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠵᠤ᠂ ᠪᠠᠷᠠᠭᠤᠨ ᠦᠵᠦᠮᠦᠴᠢᠨ ᠬᠤᠰᠢᠭᠤᠨ ᠤ ᠡᠯᠧᠺᠲᠷᠣᠨ ᠬᠤᠳᠠᠯᠳᠤᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠥᠰᠢᠭᠡ ᠶᠢ ᠨᠡᠭᠡᠭᠡᠭᠰᠡᠨ ᠪᠠᠶᠢᠨ᠎ᠠ᠃ ᠣᠳᠣᠬᠠᠨ ᠳᠤ᠂ ᠪᠠᠷᠠᠭᠤᠨ ᠦᠵᠦᠮᠦᠴᠢᠨ ᠬᠤᠰᠢᠭᠤ ᠨᠢ ᠮᠠᠯᠵᠢᠬᠤ ᠣᠷᠣᠨ ᠤ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠨᠡᠶᠢᠲᠡ 70 ᠭᠠᠷᠤᠢ ᠬᠥᠮᠥᠵᠢᠭᠦᠯᠵᠦ᠂ ᠮᠠᠯᠵᠢᠬᠤ ᠣᠷᠣᠨ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠢ 20 ᠪᠠᠶᠢᠭᠤᠯᠵᠤ᠂ ᠣᠬᠤᠷ ᠹᠢᠯᠢᠮ ᠤᠨ ᠤᠷᠤᠯᠳᠤᠭᠠᠨ ᠢ 2 ᠬᠤᠭᠤᠴᠠᠭ᠎ᠠ ᠶᠠᠪᠤᠭᠳᠠᠭᠤᠯᠵᠤ᠂ ᠮᠠᠯᠵᠢᠬᠤ ᠣᠷᠣᠨ ᠤ ᠰᠢᠭᠤᠳ ᠨᠡᠪᠲᠡᠷᠡᠭᠦᠯᠭᠡ ᠶᠢᠨ ᠴᠢᠳᠠᠪᠤᠷᠢᠲᠠᠨ ᠤ ᠦᠢᠯᠡᠳᠦᠯᠭᠡ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠵᠡᠷᠭᠡᠪᠡᠷ ᠥᠷᠨᠢᠭᠦᠯᠪᠡ᠃ ᠪᠥᠬᠦ ᠬᠤᠰᠢᠭᠤᠨ ᠳᠤ ᠣᠲᠣ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 20 ᠪᠣᠶ᠂ ᠡᠭᠦᠨ ᠳᠤ ᠦᠬᠡᠷ ᠬᠤᠨᠢᠨ ᠮᠢᠬ᠎ᠠ ᠵᠡᠷᠭᠡ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠷᠣᠯᠠᠭᠤᠯᠬᠤ ᠠᠵᠤ ᠠᠬᠤᠶᠢᠯᠠᠯ 10᠂ ᠴᠠᠭᠠᠨ ᠢᠳᠡᠭᠡᠨ ᠤ ᠪᠣᠷᠤᠯᠠᠭᠤᠯᠭ᠎ᠠ 5 ᠪᠣᠶ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号