ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠬᠠᠪᠤᠷ ᠤᠨ ᠤᠯᠠᠷᠢᠯ ᠤᠨ ᠮᠣᠷᠢᠨ ᠰᠣᠶᠣᠯ ᠤᠨ ᠦᠵᠡᠭᠦᠯᠦᠯᠭᠡ ᠵᠢᠴᠢ ᠵᠢᠭᠤᠯᠴᠢᠯᠠᠯ ᠤᠨ ᠬᠡᠷᠡᠯ ᠵᠢᠷᠤᠭ ᠠᠪᠬᠤ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/3/21
    3 ᠰᠠᠷ᠎ᠠ ᠶᠢᠨ 20 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠮᠣᠷᠢᠨ ᠤ ᠰᠣᠶᠣᠯ ᠤᠨ ᠬᠦᠷᠢᠶᠡᠯᠡᠩ ᠠᠴᠠ ᠭᠤᠣᠯᠯᠠᠨ ᠡᠷᠭᠢᠯᠡᠵᠦ᠂ ᠴᠠᠭᠠᠨ ᠮᠣᠷᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ   ᠠᠴᠠ ᠳᠠᠭᠠᠭᠠᠨ ᠡᠷᠭᠢᠯᠡᠵᠦ᠂ ᠠᠳᠤᠭᠤᠨ ᠤ ᠦᠢᠯᠡᠰ ᠤᠨ ᠨᠡᠶᠢᠭᠡᠮᠯᠢᠭ᠂ ᠬᠡᠷᠡᠯ ᠵᠢᠷᠤᠭᠴᠢᠳ ᠤᠨ ᠨᠡᠶᠢᠭᠡᠮᠯᠢᠭ ᠠᠴᠠ ᠬᠠᠮᠲᠤᠷᠠᠨ ᠡᠷᠭᠢᠯᠡᠭᠰᠡᠨ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠬᠠᠪᠤᠷ ᠤᠨ ᠤᠯᠠᠷᠢᠯ ᠤᠨ ᠤᠯᠠᠮᠵᠢᠯᠠᠯᠲᠤ ᠠᠳᠤᠭᠤᠨ  ᠰᠣᠶᠣᠯ ᠤᠨ ᠦᠵᠡᠭᠦᠯᠦᠯᠭᠡ ᠵᠢᠴᠢ ᠵᠢᠭᠤᠯᠴᠢᠯᠠᠯ ᠤᠨ ᠬᠡᠷᠡᠯ ᠵᠢᠷᠤᠭ ᠠᠪᠬᠤ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ᠃  ᠬᠤᠰᠢᠭᠤ ᠤᠳᠤᠷᠢᠳᠤᠯᠭ᠎ᠠ ᠮᠦᠩᠭᠦᠨᠱᠠ᠂ ᠪᠠᠭᠠᠨ᠎ᠠ᠂ ᠦ᠋ ᠵᠥ᠂ ᠷᠧᠨ ᠳ᠋ᠧ ᠰᠢᠨ᠂ ᠯᠢᠦ ᠴᠢᠩ ᠠᠵᠢᠯᠯᠠᠭ᠎ᠠ ᠳᠤ ᠣᠷᠣᠯᠴᠠᠵᠤ ᠱᠠᠩᠨᠠᠯ ᠭᠠᠷᠳᠠᠭᠤᠯᠪᠠ᠃
       ᠤᠷᠤᠯᠳᠤᠭᠠᠨ ᠤ ᠠᠬᠤᠢ ᠲᠠᠯᠠᠪᠠᠶ ᠳᠤ᠂ ᠬᠥᠮᠥᠰ ᠤᠨ ᠪᠠᠭ᠋ᠠᠷᠤᠯ ᠢ ᠬᠠᠮᠤᠭ ᠠᠴᠠ ᠢᠯᠡᠭᠦᠦ ᠲᠠᠲᠠᠭᠰᠠᠨ ᠨᠢ ︽ᠡᠷ᠎ᠡ ᠶᠢᠨ ᠭᠤᠷᠪᠠᠨ ᠨᠠᠭᠠᠳᠤᠮ︾ ᠪᠤᠯᠤᠨ᠎ᠠ᠃    ᠮᠣᠷᠢ ᠤᠷᠭᠠᠯᠠᠬᠤ᠂ ᠮᠣᠷᠢ ᠲᠠᠮᠠᠭᠠᠯᠠᠬᠤ᠂ ᠡᠮᠨᠢᠭ ᠰᠤᠷᠭᠠᠬᠤ᠂ ᠠᠳᠤᠭᠤᠴᠢᠨ ᠤ ᠤᠷ᠎ᠠ ᠮᠡᠷᠭᠡᠵᠢᠯ ᠤᠨ ᠤᠷᠤᠯᠳᠤᠭᠠᠨ᠂ ᠠᠳᠤᠭᠤᠨ ᠤ ᠠᠩᠭᠢ ᠶᠢᠨ ᠲᠣᠭᠯᠠᠯᠲᠠ ᠵᠡᠷᠭᠡ ᠤᠯᠠᠮᠵᠢᠯᠠᠯᠲᠤ ᠠᠳᠤᠭᠤᠨ ᠤ ᠰᠣᠶᠣᠯ ᠤᠨ ᠠᠵᠢᠯᠯᠠᠭ᠎ᠠ ᠶᠢ ᠭᠤᠶᠢᠳᠠ ᠰᠠᠶᠢᠬᠠᠨ ᠶᠠᠪᠤᠭᠳᠠᠭᠤᠯᠵᠠᠢ᠃ ᠦᠵᠡᠭᠴᠢᠳ ᠪᠣᠯᠣᠨ ᠵᠤᠭᠠᠴᠠᠭᠰᠠᠳ ᠲᠤ ᠦᠵᠦᠮᠦᠴᠢᠨ ᠴᠠᠭᠠᠨ ᠮᠣᠷᠢᠨ ᠤ ᠥᠪᠡᠷᠮᠢᠴᠡ ᠷᠢᠳᠢ ᠰᠢᠳᠢ ᠶᠢ ᠣᠶᠢᠷ᠎ᠠ ᠵᠠᠢ ᠠᠴᠠ ᠮᠡᠳᠡᠷᠡᠭᠦᠯᠬᠦ ᠶᠢᠨ ᠲᠥᠯᠥᠭᠡ᠂ ᠲᠤᠬᠠᠢ ᠶᠢᠨ ᠲᠠᠯᠠᠪᠠᠶ ᠳᠤ ᠪᠠᠰᠠ ᠬᠡᠷᠡᠯ ᠵᠢᠷᠤᠭ ᠤᠨ ᠦᠵᠡᠰᠬᠦᠯᠡᠩ ᠲᠣᠬᠢᠷᠠᠭᠤᠯᠵᠤ᠂ ᠬᠡᠷᠡᠯ ᠵᠢᠷᠤᠭ ᠤᠨ ᠪᠦᠲᠦᠭᠡᠯ ᠨᠢ ᠦᠵᠦᠮᠦᠴᠢᠨ ᠴᠠᠭᠠᠨ ᠠᠳᠤᠭᠤᠨ ᠤ ᠳᠦᠷᠢ ᠪᠠᠷ ᠰᠠᠭᠤᠷᠢ ᠥᠩᠭᠡ ᠪᠣᠯᠭᠠᠵᠤ᠂ ᠭᠤᠣᠯ ᠰᠡᠳᠦᠪ ᠨᠢ ᠢᠯᠡ ᠲᠣᠳᠣ᠂ ᠬᠡᠪ ᠨᠠᠮᠪᠠ ᠨᠢ ᠣᠯᠠᠨ ᠶᠠᠩᠵᠤ ᠶᠢᠨ᠂ ᠤᠳᠬ᠎ᠠ ᠰᠠᠨᠠᠭ᠎ᠠ ᠨᠢ ᠭᠦᠨ ᠭᠦᠨᠵᠡᠭᠡᠢ ᠪᠠᠶᠢᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠤᠮᠠᠷᠠᠲᠤ ᠬᠢᠯᠢ ᠶᠢᠨ ᠡᠬᠡ ᠭᠠᠵᠠᠷ ᠲᠤ ᠦᠨᠳᠦᠰᠦᠯᠡᠵᠦ᠂ ᠡᠯ᠎ᠡ ᠲᠡᠦᠬᠡᠨ ᠴᠠᠭ ᠦᠶ᠎ᠡ ᠳᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠭᠰᠠᠨ ᠠᠮᠢᠳᠤᠯᠢᠭ ᠦᠢᠯᠡᠳᠦᠯᠭᠡ ᠪᠠ ᠬᠥᠮᠥᠰ ᠤᠨ ᠰᠡᠳᠬᠢᠯ ᠢ ᠬᠥᠳᠡᠯᠭᠡᠮ᠎ᠡ ᠦᠶᠯᠡ ᠠᠵᠢᠯᠯᠠᠭ᠎ᠠ ᠶᠢ ᠳᠡᠯᠭᠡᠨ ᠦᠵᠡᠭᠦᠯᠵᠡᠢ᠃
     ᠤᠷᠤᠯᠳᠤᠭᠠᠨ ᠬᠦᠷ ᠬᠥᠭᠵᠢᠶᠡᠨ ᠲᠠᠢ ᠶᠠᠪᠤᠭᠳᠠᠵᠤ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠲᠤᠬᠠᠢ ᠶᠢᠨ ᠲᠠᠯᠠᠪᠠᠶ ᠳᠤ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠤᠷᠤᠯᠳᠤᠭᠠᠨ ᠳᠤ ᠬᠦᠴᠦᠨ ᠨᠡᠮᠡᠷᠢᠯᠡᠪᠡ᠃ ᠡᠷᠬᠢᠨ ᠲᠣᠭᠤᠷᠢᠨ ᠤ ᠮᠠᠯᠴᠢᠳ ᠴᠤ ᠢᠳᠡᠪᠬᠢᠲᠡᠢ ᠪᠠᠷ ᠴᠤᠤᠷᠢᠶᠠᠲᠤᠨ ᠲᠠᠭᠠᠵᠦ᠂ ᠬᠡᠭᠡᠨᠴᠢᠷ ᠰᠠᠶᠢᠬᠠᠨ ᠦᠨᠳᠦᠰᠦᠲᠡᠨ ᠤ ᠬᠤᠪᠴᠠᠰᠤ ᠵᠠᠰᠠᠯ ᠢᠶᠠᠨ ᠡᠮᠦᠰᠴᠦ᠂ ᠲᠦᠷᠪᠡᠨ ᠵᠦᠭ ᠨᠠᠢᠮᠠᠨ ᠵᠣᠪᠬᠢᠰ ᠡᠴᠠ‌ᠨᠠᠶᠢᠷ ᠤᠨ ᠲᠠᠯᠠᠪᠠᠢ ᠳᠤ ᠢᠷᠡᠵᠦ ᠠᠵᠢᠯᠯᠠᠭ᠎ᠠ ᠳᠤ ᠣᠷᠣᠯᠴᠠᠵᠠᠢ᠃ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠵᠦ᠂ ᠣᠯᠠᠨ ᠢᠶᠠᠷ ᠢᠶᠠᠨ ᠭᠤᠶᠢᠳᠠ ᠰᠠᠶᠢᠬᠠᠨ ᠠᠵᠢᠯᠯᠠᠭᠠᠨ ᠤ ᠳᠤᠮᠳᠠ ᠠᠴᠠ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠭᠠᠯᠢ ᠶᠢᠨ ᠰᠠᠶᠢᠬᠠᠨ᠂ ᠬᠥᠭᠵᠢᠯᠲᠡ ᠶᠢᠨ ᠰᠠᠶᠢᠬᠠᠨ᠂ ᠡᠶ᠎ᠡ ᠵᠣᠬᠢᠴᠠᠯ ᠤᠨ ᠰᠠᠶᠢᠬᠠᠨ᠂ ᠵᠣᠯ ᠵᠢᠷᠭᠠᠯ ᠤᠨ ᠰᠠᠶᠢᠬᠠᠨ ᠢ ᠣᠶᠢᠯᠠᠭᠠᠪᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号