ᠪᠠᠷᠠᠭᠤᠨ ᠦᠵᠦᠮᠦᠴᠢᠨ ᠬᠤᠰᠢᠭᠤ ᠡᠮ ᠤᠨ ᠵᠦᠢᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠳᠤ ᠪᠠᠶᠢᠴᠠᠭᠠᠯᠳᠠ ᠦᠷᠨᠢᠬᠦᠯᠪᠡ
ᠨᠡᠶᠢᠲᠡᠯᠡᠭᠰᠡᠨ ᠴᠠᠭ᠄
2024/3/22
       ᠡᠮ ᠤᠨ ᠵᠦᠢᠯ ᠤᠨ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠤᠬᠠᠮᠰᠠᠷ ᠢ ᠴᠢᠩᠭᠠᠳᠬᠠᠨ᠂ ᠡᠮ ᠤᠨ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠣᠯᠠᠨ ᠨᠡᠶᠢᠲᠡ ᠶᠢᠨ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ︽ᠡᠮ ᠤᠨ ᠵᠦᠢᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾᠎ ᠢ ᠦᠨᠳᠦᠰᠦᠯᠡᠨ ᠬᠠᠷᠢᠶᠠᠲᠤ ᠣᠷᠣᠨ ᠤ ᠪᠠᠨ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠳᠤ ᠡᠮ ᠤᠨ ᠵᠦᠢᠯ ᠤᠨ ᠡᠵᠡᠩᠨᠡᠯᠲᠡ ᠶᠢᠨ ᠶᠠᠰᠤ ᠴᠢᠨᠠᠷ ᠤᠨ ᠪᠠᠶᠢᠴᠠᠭᠠᠯᠳᠠ ᠦᠷᠨᠢᠬᠦᠯᠪᠡ      ᠪᠠᠶᠢᠴᠠᠭᠠᠬᠤ ᠠᠵᠢᠯᠲᠠᠳ ︽ᠡᠮ ᠤᠨ ᠵᠦᠢᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾᠎ ᠲᠠᠢ ᠨᠠᠷᠢᠨ ᠬᠢᠨᠠᠮᠠᠭᠠᠢ ᠬᠠᠷᠢᠴᠠᠭᠤᠯᠤᠨ᠂ ᠶᠠᠰᠤ ᠴᠢᠨᠠᠷ ᠤᠨ ᠬᠠᠮᠢᠶᠠᠷᠤᠯᠲᠠ᠂ ᠠᠵᠢᠯᠲᠠᠨ ᠤ ᠬᠠᠮᠢᠶᠠᠷᠤᠯᠲᠠ᠂ ᠶᠠᠰᠤ ᠴᠢᠨᠠᠷ ᠤᠨ ᠬᠠᠮᠢᠶᠠᠷᠤᠯᠲᠠ ᠶᠢᠨ ᠪᠢᠴᠢᠭ ᠮᠠᠲ᠋ᠧᠷᠢᠶᠠᠯ᠂ ᠲᠥᠬᠦᠭᠡᠷᠦᠮᠵᠢ᠂ ᠬᠤᠳᠠᠯᠳᠤᠨ ᠠᠪᠬᠤ ᠶᠢ ᠰᠢᠯᠭᠠᠨ ᠠᠪᠬᠤ᠂ ᠳᠡᠯᠭᠡᠨ ᠦᠵᠡᠭᠦᠯᠵᠦ ᠬᠠᠳᠠᠭᠠᠯᠠᠬᠤ᠂ ᠪᠣᠷᠣᠯᠠᠭᠤᠯᠬᠤ ᠬᠠᠮᠢᠶᠠᠷᠤᠯᠲᠠ᠂ ᠪᠣᠷᠣᠯᠠᠭᠤᠯᠤᠭᠰᠠᠨ ᠤ ᠳᠠᠷᠠᠭᠠᠬᠢ ᠬᠠᠮᠢᠶᠠᠷᠤᠯᠲᠠ ᠵᠡᠷᠭᠡ ᠲᠠᠯ᠎ᠠ ᠠᠴᠠ ᠭᠠᠷᠳᠠᠵᠤ᠂ ᠠᠵᠤ ᠠᠬᠤᠶᠢᠯᠠᠯ ᠤᠨ ︽ᠡᠮ ᠤᠨ ᠵᠦᠢᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾᠎ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠠᠵᠤ ᠠᠬᠤᠶᠢᠯᠠᠯ ᠳᠤ ᠬᠠᠭᠤᠷᠮᠠᠭ ᠮᠠᠭᠤ ᠡᠮ ᠤᠨ ᠵᠦᠢᠯ ᠪᠣᠷᠣᠯᠠᠭᠤᠯᠤᠭᠰᠠᠨ᠂ ᠬᠠᠤᠯᠢ ᠪᠤᠰᠤ ᠠᠷᠭ᠎ᠠ ᠵᠠᠮ ᠢᠶᠠᠷ ᠡᠮ ᠤᠨ ᠵᠦᠢᠯ ᠬᠤᠳᠠᠯᠳᠤᠨ ᠣᠷᠣᠭᠤᠯᠤᠭᠰᠠᠨ᠂ ᠡᠮ ᠤᠨ ᠵᠦᠢᠯ ᠢ ᠬᠤᠷᠢᠶᠠᠨ ᠠᠪᠤᠭᠰᠠᠨ᠂ ᠡᠵᠡᠩᠨᠡᠯᠲᠡ ᠶᠢᠨ ᠬᠡᠪᠴᠢᠶ᠎ᠡ ᠠᠴᠠ ᠳᠠᠪᠠᠭᠤᠯᠤᠨ ᠡᠮ ᠤᠨ ᠵᠦᠢᠯ ᠪᠣᠷᠣᠯᠠᠭᠤᠯᠤᠭᠰᠠᠨ᠂ ᠰᠦᠯᠵᠢᠶ᠎ᠡ ᠪᠠᠷ ᠡᠮ ᠤᠨ ᠵᠦᠢᠯ ᠪᠣᠷᠣᠯᠠᠭᠤᠯᠤᠭᠰᠠᠨ ᠨᠢ ᠵᠢᠷᠤᠮᠵᠢᠯ ᠦᠭᠡᠢ᠂ ᠵᠣᠷ ᠤᠨ ᠡᠮ ᠤᠨ ᠪᠣᠷᠣᠯᠠᠭᠤᠯᠤᠯᠲᠠ ᠨᠢ ᠲᠣᠭᠲᠠᠭᠠᠯ ᠳᠤ ᠨᠡᠶᠢᠴᠡᠬᠦ ᠦᠭᠡᠢ᠂ ᠠᠵᠢᠯ ᠡᠷᠭᠢᠯᠡᠬᠦ ᠡᠮ ᠨᠠᠶᠢᠷᠠᠭᠴᠢ ︽ᠦᠨᠡᠮᠯᠡᠯ ᠡᠯᠭᠦᠭᠰᠡᠨ︾ ᠡᠰᠡᠬᠦ ᠵᠢᠴᠢ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠪᠤᠴᠠᠵᠤ ᠢᠷᠡᠭᠰᠡᠨ ᠵᠡᠷᠭᠡ ᠬᠠᠤᠯᠢ ᠲᠣᠭᠲᠠᠭᠠᠯ  ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠴᠢᠩᠭ᠎ᠠ ᠪᠠᠶᠢᠴᠠᠭᠠᠪᠠ       ᠣᠲᠣ ᠪᠣᠯᠲᠠᠯ᠎ᠠ᠂ ᠡᠮ ᠤᠨ ᠵᠦᠢᠯ ᠤᠨ ᠵᠢᠵᠢᠭᠯᠡᠨ ᠬᠤᠳᠠᠯᠳᠤᠬᠤ 5 ᠠᠵᠤ ᠠᠬᠤᠶᠢᠯᠠᠯ ᠤᠨ ᠡᠮ ᠤᠨ ᠵᠦᠢᠯ ᠤᠨ ᠶᠠᠰᠤ ᠴᠢᠨᠠᠷ ᠲᠤ ᠪᠠᠶᠢᠴᠠᠭᠠᠯᠲᠠ ᠬᠢᠬᠦ ᠶᠢ ᠪᠡᠶᠡᠯᠡᠭᠦᠯᠵᠦ᠂ 15 ᠬᠥᠮᠥᠨ ᠤᠳᠠᠭ᠎ᠠ ᠠᠵᠢᠯᠲᠠᠨ ᠢ ᠵᠤᠬᠢᠶᠠᠨ ᠪᠠᠶᠢᠭᠤᠯᠵᠦ ᠪᠠᠶᠢᠴᠠᠭᠠᠯᠳᠠ ᠬᠢᠯᠭᠡᠪᠡ᠃ ᠪᠠᠷᠠᠭᠤᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠮ ᠤᠨ ᠵᠦᠢᠯ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠦᠭᠰᠢᠭᠦᠷᠢ ᠶᠢᠨ ᠴᠡᠭ ᠪᠠ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ᠂ ᠠᠰᠠᠭᠤᠳᠠᠯ ᠢ ᠴᠠᠭ ᠲᠤᠬᠠᠢ ᠎ ᠳᠤᠨᠢ ᠪᠦᠲᠦᠮᠵᠢᠲᠡᠶ ᠪᠠᠷ ᠢᠯᠡᠷᠡᠭᠦᠯᠵᠦ᠂ ᠳᠠᠯᠳᠠ ᠬᠡᠮ ᠢ ᠠᠷᠢᠯᠭᠠᠨ᠂ ᠬᠠᠤᠯᠢ ᠲᠣᠭᠲᠠᠭᠠᠯ  ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠦᠲᠦᠮᠵᠢᠲᠡᠶ ᠪᠠᠷ ᠬᠤᠷᠢᠭᠯᠠᠵᠤ᠂ ᠠᠵᠤ ᠠᠬᠤᠶᠢᠯᠠᠯ ᠤᠨ ᠪᠡᠶ᠎ᠡ ᠪᠠᠨ ᠱᠠᠭᠠᠷᠳᠠᠬᠤ ᠤᠬᠠᠮᠰᠠᠷ ᠪᠠ ᠬᠠᠤᠯᠢ ᠶᠢ ᠰᠠᠬᠢᠬᠤ ᠤᠬᠠᠮᠰᠠᠷᠲᠤ ᠴᠢᠨᠠᠷ ᠢ ᠴᠢᠩᠭᠠᠷᠠᠭᠤᠯᠤᠨ᠂ ᠣᠯᠠᠨ ᠲᠦᠮᠡᠨ ᠤ ᠠᠮᠤᠷ ᠲᠦᠪᠰᠢᠨ ᠡᠮ ᠬᠡᠷᠡᠭᠯᠡᠬᠦ ᠳᠤ ᠶᠠᠰᠤ ᠴᠢᠨᠠᠷ ᠢ ᠦᠨᠡᠨ ᠬᠦ  ᠪᠠᠳᠤᠯᠠᠵᠦ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号