ᠥᠷᠯᠥᠭᠡ ᠴᠣᠬᠤᠮ ᠶᠠᠭᠤ ᠢᠳᠡᠪᠡᠯ ᠪᠡᠶ᠎ᠡ ᠳᠤ ᠰᠠᠶᠢᠨ ᠪᠣᠢ︖
ᠨᠡᠶᠢᠲᠡᠯᠡᠭᠰᠡᠨ ᠴᠠᠭ᠄
2024/3/22
    ᠰᠢᠮ᠎ᠡ ᠲᠡᠵᠢᠭᠡᠯ ᠰᠠᠶᠢᠲᠠᠢ ᠥᠷᠯᠥᠭᠡ ᠶᠢᠨ ᠴᠠᠢ ᠬᠤᠭᠤᠯᠠᠨ ᠳᠤ ᠨᠡᠭᠦᠷᠡᠰᠦ ᠤᠰᠤᠨ ᠤ ᠨᠢᠭᠡᠳᠪᠦᠷᠢ᠂ ᠤᠭᠤᠷᠠᠭ᠂ ᠥᠨᠳᠡᠭᠡᠨ ᠹᠣᠰᠹᠣᠷᠲᠤ ᠥᠭᠡᠬᠦ᠂ ᠸᠢᠲ᠋ᠠᠮᠢᠨ ᠪᠠ ᠡᠷᠦᠳᠡᠰᠦ ᠪᠣᠳᠠᠰ ᠢ ᠪᠠᠭᠲᠠᠭᠠᠨ᠎ᠠ᠃           1᠂ ᠨᠡᠭᠦᠷᠡᠰᠦ ᠤᠰᠤᠨ ᠤ ᠨᠢᠭᠡᠳᠪᠦᠷᠢ ᠶᠢ ᠡᠯᠪᠡᠭ ᠠᠭᠤᠯᠤᠭᠰᠠᠨ ᠢᠳᠡᠭᠡᠨ           ᠵᠢᠱᠢᠶᠡᠯᠡᠪᠡᠯ᠂ ᠲᠠᠯᠬ᠎ᠠ᠂ ᠮᠠᠨᠲᠠᠤ᠂ ᠬᠤᠯᠢᠮᠠᠭ ᠠᠮᠤ ᠶᠢᠨ ᠰᠢᠩᠭᠡᠨ ᠪᠤᠳᠠᠭ᠎ᠠ ᠵᠡᠷᠭᠡ ᠭᠤᠣᠯ ᠢᠳᠡᠭᠡᠨ᠃ ᠡᠳᠡᠭᠡᠷ ᠎ ᠨᠢ ᠨᠡᠭᠦᠷᠡᠰᠦ ᠤᠰᠤᠨ ᠤ ᠨᠢᠭᠡᠳᠪᠦᠷᠢ ᠶᠢ ᠠᠭᠤᠯᠵᠣ᠂ ᠲᠠᠷᠢᠬᠢᠨ ᠳᠤ ᠬᠡᠷᠡᠭᠴᠡᠭᠡ ᠲᠠᠢ ︽ᠲᠦᠯᠡᠰᠢ︾ - ᠦᠵᠦᠮ ᠤᠨ ᠰᠢᠬᠢᠷ ᠪᠣᠯᠭᠠᠨ ᠬᠤᠪᠢᠷᠠᠭᠤᠯᠵᠤ᠂ ᠶᠡᠭᠡ ᠲᠠᠷᠢᠬᠢ ᠶᠢᠨ ᠰᠡᠳᠬᠢᠬᠦ᠂ ᠴᠡᠭᠡᠵᠢᠯᠡᠬᠦ ᠪᠠ ᠠᠰᠠᠭᠤᠳᠠᠯ ᠢ ᠰᠢᠢᠳᠪᠦᠷᠢᠯᠡᠬᠦ ᠵᠡᠷᠭᠡ ᠶᠠᠪᠤᠳᠠᠯ ᠳᠤ ᠲᠤᠰᠠᠯᠠᠵᠤ ᠪᠣᠯᠣᠨ᠎ᠠ᠃           2᠂ ᠤᠭᠤᠷᠠᠭ ᠡᠯᠪᠡᠭ ᠠᠭᠤᠯᠤᠭᠰᠠᠨ ᠢᠳᠡᠭᠡᠨ           ᠵᠢᠱᠢᠶᠡᠯᠡᠪᠡᠯ᠂ ᠮᠢᠬ᠎ᠠ᠂ ᠵᠢᠭᠠᠰᠤ᠂ ᠦᠨᠢᠶᠡᠨ ᠰᠦ ᠵᠡᠷᠭᠡ ᠨᠢ ᠴᠢᠰᠤᠨ ᠰᠢᠬᠢᠷ ᠢ ᠠᠭᠠᠵᠢᠮ ᠢᠶᠠᠷ ᠳᠡᠭᠡᠭᠰᠢᠯᠡᠭᠦᠯᠦᠭᠰᠡᠨ ᠤ ᠳᠠᠷᠠᠭ᠎ᠠ ᠲᠣᠭᠲᠠᠭᠤᠨ ᠪᠠᠶᠢᠳᠠᠯ ᠢ ᠪᠠᠲᠤᠯᠠᠨ᠎ᠠ᠃ ᠤᠭᠤᠷᠠᠭ ᠳᠣᠲᠣᠷᠠᠬᠢ ᠲᠠᠷᠠᠭ ᠤᠨ ᠰᠢᠪᠲᠦᠷᠲᠦ ᠬᠦᠴᠢᠯ ᠨᠢ ᠪᠠᠰᠠ ᠬᠥᠮᠥᠨ ᠤ ᠪᠡᠶ᠎ᠡ ᠶᠢᠨ ᠳᠤᠫᠠᠮᠢᠨ ᠪᠠ ᠪᠥᠭᠡᠷ᠎ᠡ ᠶᠢᠨ ᠳᠡᠭᠡᠳᠦ ᠪᠤᠯᠴᠢᠷᠬᠠᠢ ᠶᠢᠨ ᠡᠳ᠋ ᠰᠢᠭᠦᠷᠡᠭᠦᠯᠬᠦ ᠶᠢ ᠠᠬᠢᠭᠤᠯᠵᠤ᠂ ᠬᠥᠮᠥᠰ ᠤᠨ ᠰᠡᠳᠬᠢᠬᠦᠢ ᠶᠢ ᠬᠤᠷᠴᠠ ᠰᠡᠷᠭᠡᠭ ᠪᠣᠯᠭᠠᠳᠠᠭ᠃         3᠂ ᠥᠨᠳᠡᠭᠡᠨ ᠹᠣᠰᠹᠣᠷᠲᠤ ᠥᠭᠡᠬᠦ ᠡᠯᠪᠡᠭ ᠠᠭᠤᠯᠤᠭᠰᠠᠨ ᠢᠳᠡᠭᠡᠨ           ᠵᠢᠱᠢᠶᠡᠯᠡᠪᠡᠯ᠂ ᠲᠠᠬᠢᠶᠠᠨ ᠥᠨᠳᠡᠭᠡ᠂ ᠪᠤᠷᠴᠠᠭ ᠤᠨ ᠢᠳᠡᠭᠡᠨ ᠵᠡᠷᠭᠡ ᠥᠨᠳᠡᠭᠡᠨ ᠹᠣᠰᠹᠣᠷᠲᠤ ᠥᠭᠡᠬᠦ ᠰᠢᠩᠭᠡᠭᠡᠭᠳᠡᠭᠰᠡᠨ ᠤ ᠳᠠᠷᠠᠭ᠎ᠠ ᠰᠥᠰᠥᠨ ᠤ ᠱᠦᠯᠲᠦ ᠢᠯᠭᠠᠷᠠᠭᠤᠯᠵᠤ᠂ ᠡᠭᠦᠨ ᠤ ᠤᠯᠠᠮ ᠠᠴᠠ ᠮᠡᠳᠡᠷᠡᠯ ᠤᠨ ᠵᠠᠭᠤᠴᠢ ᠳᠠᠮᠵᠢᠭᠤᠯᠤᠭᠴᠢ ᠡᠳ᠋ ᠤᠨ ᠡᠲ᠋ᠠ ᠡᠰᠢᠯᠲᠦ ᠰᠥᠰᠥᠨ ᠤ ᠱᠦᠯᠲᠦ ᠶᠢ ᠨᠡᠶᠢᠯᠡᠭᠦᠯᠦᠨ᠂ ᠮᠡᠳᠡᠷᠡᠯ ᠤᠨ ᠰᠢᠰᠲ᠋ᠧᠮ ᠤᠨ ᠠᠵᠢᠯᠯᠠᠭ᠎ᠠ ᠶᠢ ᠠᠬᠢᠭᠤᠯᠤᠨ ᠰᠠᠶᠢᠵᠢᠷᠠᠭᠤᠯᠳᠠᠭ᠃        4᠂ ᠸᠢᠲ᠋ᠠᠮᠢᠨ᠂ ᠡᠷᠦᠳᠡᠰᠦ ᠡᠯᠪᠡᠭ ᠠᠭᠤᠯᠤᠭᠰᠠᠨ ᠢᠳᠡᠭᠡᠨ           ᠵᠢᠱᠢᠶᠡᠯᠡᠪᠡᠯ᠂ ᠰᠢᠨ᠎ᠡ ᠰᠣᠷᠭᠤᠭ ᠵᠢᠮᠢᠰ ᠨᠣᠭᠤᠭ᠎ᠠ᠂ ᠸᠢᠲ᠋ᠠᠮᠢᠨ ᠪᠣᠯᠣᠨ ᠡᠷᠦᠳᠡᠰᠦ ᠪᠣᠳᠠᠰ ᠪᠣᠯ ᠶᠡᠭᠡ ᠲᠠᠷᠢᠬᠢᠨ ᠳᠤ ᠳᠤᠲᠠᠭᠳᠠᠵᠤ ᠪᠣᠯᠣᠰᠢ ᠦᠭᠡᠢ ︽ᠪᠠᠷᠢᠯᠭ᠎ᠠ ᠶᠢᠨ ᠮᠠᠲ᠋ᠧᠷᠢᠶᠠᠯ︾ ᠮᠥᠨ᠂ ᠤᠷᠭᠤᠮᠠᠯ ᠤᠨ ᠬᠢᠮᠢ ᠶᠢᠨ ᠪᠣᠳᠠᠰ ᠨᠢ ᠶᠡᠭᠡ ᠲᠠᠷᠢᠬᠢᠨ ᠳᠤ ᠤᠴᠠᠷᠠᠭᠤᠯᠬᠤ ᠴᠢᠯᠦᠭᠡᠲᠦ ᠡᠰ ᠤᠨ ᠬᠤᠬᠢᠷᠠᠯ ᠢ ᠡᠰᠡᠷᠭᠦᠴᠡᠵᠦ᠂ ᠴᠡᠭᠡᠵᠢᠯᠡᠬᠦ ᠴᠢᠳᠠᠪᠤᠷᠢ ᠶᠢ ᠬᠠᠮᠠᠭᠠᠯᠠᠳᠠᠭ᠃  
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号