ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠪᠥᠬᠦ ᠠᠶᠢᠮᠠᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ  ᠪᠤᠯᠪᠠᠰᠤᠷᠠᠯ ᠳᠤ ᠤᠷᠤᠯᠴᠠᠭᠤᠯᠪᠠ
ᠨᠡᠶᠢᠲᠡᠯᠡᠭᠰᠡᠨ ᠴᠠᠭ᠄
2024/3/22
     3 ᠰᠠᠷ᠎ᠠ ᠶᠢᠨ 17 ᠤ ᠡᠳᠦᠷ ᠠᠴᠠ 3  ᠰᠠᠷ᠎ᠠ ᠶᠢᠨ 19 ᠤ ᠡᠳᠦᠷ ᠪᠣᠯᠲᠠᠯ᠎ᠠ᠂ ᠪᠥᠬᠦ ᠠᠶᠢᠮᠠᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠰᠢᠯᠢᠩᠬᠤᠲᠠ ᠳᠤ ᠡᠷᠭᠢᠯᠡᠵᠦ᠂ ᠮᠠᠨ ᠤ ᠬᠤᠰᠢᠭᠤ5 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠰᠣᠩᠭᠤᠨ ᠲᠣᠮᠢᠯᠠᠵᠤ ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠤ ᠣᠷᠣᠯᠴᠠᠭᠤᠯᠪᠠ᠃ ᠲᠣᠰ ᠤᠳᠠᠭᠠᠨ ᠤ ᠪᠣᠯᠪᠠᠰᠤᠷᠠᠭᠤᠯᠤᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠳᠡᠩᠰᠡᠯᠡᠨ ᠬᠠᠮᠢᠶᠠᠷᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠣᠰ ᠪᠡᠶ᠎ᠡ ᠶᠢᠨ ᠴᠢᠳᠠᠪᠤᠷᠢ ᠪᠠᠨ ᠬᠡᠷᠬᠢᠨ ᠳᠡᠭᠡᠭᠰᠢᠯᠡᠭᠦᠯᠵᠦ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠬᠡᠷᠬᠢᠨ ᠰᠠᠶᠢᠲᠤᠷ ᠬᠢᠬᠦ᠂ ᠦᠢᠯᠡᠳᠦᠯ ᠢᠶᠠᠨ ᠬᠡᠷᠬᠢᠨ ᠨᠠᠩ ᠰᠠᠶᠢᠨ ᠪᠠᠳᠠᠷᠠᠭᠤᠯᠬᠤ ᠵᠡᠷᠭᠡ ᠪᠠᠶᠠᠯᠢᠭ ᠠᠭᠤᠯᠭ᠎ᠠ ᠶᠢ ᠪᠠᠭᠲᠠᠭᠠᠭᠰᠠᠨ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠯ ᠳᠤ ᠪᠠᠰᠠ 2023 ᠣᠨ ᠤ ᠨᠡᠶᠢᠭᠡᠮ ᠤᠨ ᠦᠢᠯᠡᠴᠢᠯᠡᠭᠡᠨ ᠤ ᠰᠢᠯᠢᠳᠡᠭ ᠪᠠᠶᠢᠭᠤᠯᠤᠮᠵᠢ ᠶᠢ 6 ᠶᠢ ᠰᠠᠶᠢᠰᠢᠶᠠᠨ ᠬᠥᠬᠢᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠰᠡᠳᠬᠢᠴᠡ ᠶᠢᠨ ᠡᠷᠡᠭᠦᠯ ᠬᠠᠮᠠᠭᠠᠯᠠᠯ ᠤᠨ ᠨᠡᠶᠢᠭᠡᠮᠯᠢᠭ  ᠰᠠᠶᠢᠰᠢᠶᠠᠨ ᠬᠦᠬᠢᠭᠦᠯᠦᠭᠳᠡᠪᠡ᠃ ᠪᠦᠬᠦ ᠠᠶᠢᠮᠠᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠳᠤ ᠣᠷᠣᠯᠴᠠᠬᠤ ᠪᠣᠯ ᠨᠢᠭᠡ ᠤᠳᠠᠭᠠᠨ ᠤ ᠣᠯᠳᠠᠰᠢ ᠦᠭᠡᠢ ᠰᠤᠷᠤᠯᠴᠠᠵᠤ ᠳᠤᠷᠰᠢᠯᠭ᠎ᠠ ᠰᠣᠯᠢᠯᠴᠠᠬᠤ ᠲᠣᠬᠢᠶᠠᠯ ᠮᠥᠨ᠂ ᠮᠠᠨ ᠤ ᠬᠤᠰᠢᠭᠤ ᠨᠢ ᠪᠦᠬᠦ ᠬᠤᠰᠢᠭᠤᠨ ᠤ 53 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠣᠲᠣᠷ᠎ᠠ ᠠᠴᠠ ᠰᠢᠯᠢᠳᠡᠭ ᠢ ᠨᠢ ᠰᠣᠩᠭᠤᠨ ᠪᠣᠯᠪᠠᠰᠤᠷᠠᠯ ᠳᠤ ᠣᠷᠣᠯᠴᠠᠭᠤᠯᠵᠤ᠂ ᠪᠣᠯᠪᠠᠰᠤᠷᠠᠯ ᠢᠶᠠᠷ ᠳᠠᠮᠵᠢᠭᠤᠯᠤᠨ᠂ ᠮᠠᠨ ᠤ ᠬᠤᠰᠢᠭᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠰᠬᠠᠶᠢᠵᠢᠯᠲᠠ᠂ ᠣᠳᠣᠬᠢᠴᠢᠯᠠᠯᠲᠠ ᠶᠢᠨ ᠬᠥᠭᠵᠢᠯᠲᠡ ᠶᠢ ᠠᠬᠢᠭᠤᠯᠵᠤ᠂ ᠪᠥᠬᠦ ᠬᠤᠰᠢᠭᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠮᠠᠨ ᠤ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠨᠠᠩ ᠶᠡᠭᠡ ᠦᠢᠯᠡᠳᠦᠯ ᠪᠠᠳᠠᠷᠠᠭᠤᠯᠬᠤ ᠶᠢ ᠠᠬᠢᠭᠤᠯᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号