ᠡᠨᠡ ᠳᠥᠷᠪᠡᠨ ᠣᠪᠣᠷ ᠨᠢ ᠨᠢᠭᠡ ᠬᠥᠮᠥᠨ ᠤ ᠵᠠᠩ ᠰᠤᠷᠲᠠᠯ ᠢ ᠲᠣᠳᠣᠷᠬᠠᠶᠢᠯᠠᠳᠠᠭ
ᠨᠡᠶᠢᠲᠡᠯᠡᠭᠰᠡᠨ ᠴᠠᠭ᠄
2024/3/22
     ᠨᠢᠭᠡ᠂ ᠡᠴᠢᠭᠡ ᠡᠬᠡ ᠳᠡᠭᠡᠨ ᠬᠠᠨᠳᠤᠬᠤ ᠣᠪᠣᠷ᠃ ᠡᠴᠢᠭᠡ ᠡᠬᠡ ᠲᠠᠢ ᠪᠠᠨ ᠬᠠᠷᠢᠯᠴᠠᠬᠤ ᠳᠠᠭᠠᠨ ᠪᠢᠳᠡ ᠶᠡᠷᠦ  ᠨᠢ ᠶᠠᠭᠤ ᠶᠢ ᠴᠤ ᠬᠠᠮᠢᠶᠠᠷᠬᠤ ᠦᠭᠡᠢ ᠪᠦᠳᠦᠭᠦᠯᠢᠭ ᠪᠠᠶᠢᠳᠠᠭ᠂ ᠡᠶᠢᠮᠦ ᠠᠴᠠ ᠬᠥᠮᠥᠨ ᠤ ᠦᠨᠡᠨ ᠪᠣᠳᠠᠲᠤ ᠵᠠᠩ ᠰᠤᠷᠲᠠᠯ ᠢ ᠬᠠᠮᠤᠭ ᠠᠴᠠ ᠢᠯᠡᠭᠦᠦ ᠬᠠᠷᠠᠭᠤᠯᠵᠤ ᠴᠢᠳᠠᠳᠠᠭ ᠬᠠᠷᠢᠯᠴᠠᠭ᠎ᠠ ᠪᠣᠯ ᠭᠡᠷ ᠵᠠᠭᠤᠷ᠎ᠠ ᠶᠢᠨ ᠡᠴᠢᠭᠡ ᠡᠬᠡ  ᠲᠠᠢ ᠪᠠᠨ ᠬᠠᠷᠢᠯᠴᠠᠬᠤ ᠬᠠᠷᠢᠯᠴᠠᠭ᠎ᠠ ᠶᠤᠮ᠃ ᠵᠠᠷᠢᠮ ᠬᠥᠮᠥᠨ ᠶᠡᠷᠦ ᠨᠢ ᠠᠪᠤ ᠡᠵᠢ ᠶᠢᠨ ᠢᠶᠠᠨ ᠡᠮᠦᠨ᠎ᠡ ᠪᠡᠶ᠎ᠡ ᠪᠠᠨ ᠥᠴᠥᠬᠡᠨ ᠴᠦ ᠪᠠᠷᠢᠬᠤ ᠦᠭᠡᠢ ᠪᠠᠶᠢᠵᠤ᠂ ᠲᠡᠳᠡ ᠥᠪᠡᠷ ᠢ ᠨᠢ ᠠᠭᠤᠴᠢᠯᠠᠨ ᠪᠠᠭᠲᠠᠭᠠᠬᠤ ᠶᠢ ᠵᠦᠢ ᠶᠣᠰᠣᠨ ᠤ ᠶᠠᠪᠤᠳᠠᠯ ᠢᠶᠠᠷ ᠦᠵᠡᠳᠡᠭ᠃ ᠳᠣᠲᠣᠨᠣ ᠶᠢᠨ ᠬᠥᠮᠥᠨ ᠠᠴᠠ ᠪᠠᠨ ᠥ ᠡᠷᠢᠬᠦ ᠪᠣᠯ ᠲᠥᠷᠥᠯᠬᠢ ᠶᠢᠨ ᠵᠠᠩ ᠶᠤᠮ᠂ ᠭᠡᠪᠡᠴᠦ ᠡᠭᠦᠨ ᠢ ᠲᠡᠪᠴᠢᠵᠦ᠂ ᠳᠣᠲᠣᠨᠣ ᠬᠥᠮᠥᠨ ᠠᠴᠠ ᠪᠠᠨ ᠥ ᠰᠡᠪ ᠡᠷᠢᠬᠦ ᠦᠭᠡᠢ ᠡᠪᠲᠡᠢ ᠬᠠᠷᠢᠯᠴᠠᠬᠤ ᠪᠣᠯ ᠨᠢᠭᠡ ᠵᠦᠢᠯ ᠤᠨ ᠪᠣᠯᠪᠠᠰᠤᠷᠠᠯ ᠶᠤᠮ ᠰᠢᠦ᠃           ᠬᠤᠶᠠᠷ᠂ ᠠᠰᠢᠭ ᠲᠤᠰᠠ ᠳᠤ ᠬᠠᠨᠳᠤᠬᠤ ᠣᠪᠣᠷ᠃ ᠠᠰᠢᠭ ᠲᠤᠰᠠ ᠶᠢᠨ ᠡᠮᠦᠨ᠎ᠡ᠂ ᠬᠥᠮᠥᠨ ᠬᠠᠮᠤᠭ ᠠᠴᠠ ᠠᠮᠠᠷᠬᠠᠨ ᠲᠠᠨᠢᠭᠳᠠᠳᠠᠭ᠃ ᠬᠡᠷᠪᠡ ᠨᠢᠭᠡ ᠬᠥᠮᠥᠨ ᠡᠳ᠋ ᠮᠥᠩᠭᠦᠨ ᠳᠤ ᠨᠢᠳᠦ ᠨᠢ ᠬᠡᠳᠦ ᠤᠯᠠᠶᠢᠵᠤ᠂ ᠪᠤᠰᠤᠳ ᠢ ᠪᠤᠳᠤᠬᠤ ᠦᠭᠡᠢ ᠪᠣᠯ᠂ ᠵᠠᠮ ᠢᠶᠠᠨ ᠥᠪᠡᠷ ᠢᠶᠠᠨ ᠬᠠᠭᠠᠵᠤ᠂ ᠬᠥᠮᠥᠨ ᠢᠶᠠᠨ ᠪᠠᠷᠠᠬᠤ ᠪᠣᠯᠣᠨ᠎ᠠ᠃           ᠭᠤᠷᠪᠠ᠂ ᠪᠠᠭᠤᠷᠠᠢ ᠳᠤ ᠬᠠᠨᠳᠤᠬᠤ ᠣᠪᠣᠷ᠃ ᠨᠢᠭᠡ ᠬᠥᠮᠥᠨ ᠤ ᠵᠢᠵᠢᠭ ᠪᠠᠭᠤᠷᠠᠢ ᠳᠤ ᠬᠠᠨᠳᠤᠬᠤ ᠣᠪᠣᠷ   ᠨᠢ ᠲᠡᠭᠦᠨ ᠤ ᠪᠣᠯᠪᠠᠰᠤᠷᠠᠯ ᠪᠠ ᠬᠢᠷᠢ ᠬᠡᠮᠵᠢᠶ᠎ᠡ ᠶᠢ ᠬᠠᠮᠤᠭ ᠠᠴᠠ ᠰᠠᠶᠢᠨ ᠬᠠᠷᠠᠭᠤᠯᠵᠤ ᠴᠢᠳᠠᠳᠠᠭ᠃ ᠥᠪᠡᠷ ᠤᠨ ᠴᠢᠳᠠᠪᠤᠷᠢ ᠥᠨᠳᠥᠷ ᠭᠡᠳ ᠣᠮᠣᠷᠬᠠᠭ ᠳᠡᠭᠡᠷᠡᠩᠭᠦᠢ ᠣᠪᠣᠷ ᠢᠶᠠᠷ ᠪᠤᠰᠤᠳ ᠲᠠᠢ ᠬᠠᠷᠢᠴᠠᠪᠠᠯ᠂ ᠥᠪᠡᠷ ᠤᠨ ᠪᠡᠶ᠎ᠡ ᠳᠡᠭᠡᠨ ᠥᠩᠭᠡ ᠭᠢᠯᠪᠠᠭ᠎ᠠ ᠨᠡᠮᠡᠷᠢᠯᠡᠵᠦ ᠴᠢᠳᠠᠬᠤ ᠦᠭᠡᠢ ᠮᠥᠷᠲᠡᠭᠡᠨ ᠢᠪᠴᠤᠤ ᠪᠠᠭᠤᠷᠠᠢ ᠲᠠᠯ᠎ᠠ ᠪᠠᠨ ᠮᠡᠳᠡᠭᠳᠡᠬᠦ ᠪᠣᠯᠣᠨ᠎ᠠ᠃ ᠬᠠᠷᠢᠨ ᠵᠢᠩᠬᠢᠨᠢ ᠰᠢᠯᠢᠳᠡᠭ ᠬᠥᠮᠥᠨ ᠬᠡᠵᠢᠶᠡᠳᠡ ᠳᠠᠷᠤᠤ ᠪᠠᠶᠢᠳᠠᠭ ᠶᠤᠮ᠃          ᠳᠥᠷᠪᠡ᠂ ᠠᠮᠠᠯᠠᠯᠲᠠ ᠳᠤ ᠬᠠᠨᠳᠤᠬᠤ ᠣᠪᠣᠷ᠃ ᠦᠨᠡᠨᠴᠢ ᠢᠲᠡᠭᠡᠮᠵᠢᠲᠡᠢ ᠪᠠᠶᠢᠬᠤ ᠪᠣᠯ ᠣᠷᠣᠰᠢᠨ ᠲᠣᠭᠲᠠᠨᠢᠬᠤ ᠶᠢᠨ ᠦᠨᠳᠦᠰᠦ ᠮᠥᠨ᠂ ᠪᠠᠰᠠ ᠴᠤ ᠬᠥᠮᠥᠨ ᠪᠣᠯᠬᠤ ᠶᠢᠨ ᠦᠨᠳᠦᠰᠦᠨ ᠶᠣᠰᠣ ᠮᠣᠷᠠᠯ ᠤᠨ ᠪᠠᠷᠢᠮᠵᠢᠶ᠎ᠠ ᠶᠤᠮ᠃ ᠪᠤᠰᠤᠳ ᠲᠤ ᠠᠮᠠᠯᠠᠭᠰᠠᠨ ᠢᠶᠠᠨ ᠬᠡᠵᠢᠶᠡᠳᠡ ᠪᠡᠶᠡᠯᠡᠭᠦᠯᠵᠦ᠂ ᠬᠢᠵᠦ ᠴᠢᠳᠠᠬᠤ ᠦᠭᠡᠢ ᠪᠣᠯ ᠬᠤᠭᠤᠰᠤᠨ ᠦᠭᠡ ᠶᠠᠷᠢᠬᠤ ᠦᠭᠡᠢ ᠪᠠᠶᠢᠬᠤ ᠨᠢ ᠰᠠᠶᠢᠨ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号