ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠲᠡᠯᠡᠭᠰᠡᠨ ᠴᠠᠭ᠄
2024/3/22
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                              246 ᠳ᠋ᠤᠭᠠᠷ ᠲᠣᠭᠠᠲᠤ      ︽ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ 2020 ᠣᠨ ᠤ 5 ᠳ᠋ᠤᠭᠠᠷ ᠰᠠᠷ᠎ᠠ ᠶᠢᠨ 7 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ  ᠠᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃              ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ    ᠪᠦ᠋ ᠰᠢᠶᠣᠣ ᠯᠢᠨ                  2020 ᠣᠨ ᠤ 5 ᠳ᠋ᠤᠭᠠᠷ ᠰᠠᠷ᠎ᠠ ᠶᠢᠨ 29 ᠤ ᠡᠳᠦᠷ     ᠵᠠᠰᠠᠭ ᠤᠨ ᠣᠷᠳᠣᠨ ᠤ  ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ     ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯᠲᠡᠢ ᠪᠠᠶᠢᠬᠤ ᠶᠢ ᠬᠠᠮᠠᠭᠠᠯᠠᠨ᠂ ᠵᠠᠰᠠᠭ ᠢ ᠴᠣᠮᠬᠠᠳᠬᠠᠵᠤ ᠡᠷᠬᠡ ᠶᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠤ ᠥᠭᠡᠷᠡᠴᠢᠯᠡᠯᠲᠡ ᠶᠢ ᠰᠢᠯᠢᠳᠡᠭᠵᠢᠭᠦᠯᠬᠦ ᠶᠢ ᠬᠠᠤᠯᠢ ᠶᠣᠰᠣᠭᠠᠷ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠨᠢ᠄     ᠨᠢᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2 ᠲᠣᠭᠲᠠᠭᠠᠯ ᠳᠦᠷᠢᠮ ᠤᠨ ᠬᠡᠰᠡᠭ ᠵᠦᠢᠯ ᠵᠤᠷᠪᠤᠰ ᠲᠤ ᠵᠠᠰᠠᠪᠤᠷᠢ ᠣᠷᠣᠭᠤᠯᠤᠨ᠎ᠠ᠃ ︵ᠳᠠᠭᠠᠯᠳᠤᠭᠤᠯᠤᠯ 1︶     ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠦᠢᠳᠬᠡᠯ ᠢ ᠴᠤᠭᠯᠠᠭᠤᠯᠬᠤ ᠬᠠᠮᠢᠶᠠᠷᠤᠯᠲᠠ ᠶᠢᠨ ᠠᠷᠭ᠎ᠠ︾  ᠶᠢ ᠬᠦᠴᠦᠨ ᠦᠭᠡᠢ ᠪᠣᠯᠭᠠᠨ᠎ᠠ᠃ ︵ᠳᠠᠭᠠᠯᠳᠤᠭᠤᠯᠤᠯ 2︶     ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃     ᠲᠣᠰ ᠲᠣᠭᠲᠠᠭᠠᠯ ᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠬᠢᠨᠠᠨ ᠲᠣᠭᠲᠠᠭᠠᠵᠤ ᠦᠨᠡᠮᠰᠢᠬᠦ ᠬᠠᠮᠢᠶᠠᠷᠤᠯᠲᠠ ᠶᠢᠨ ᠠᠷᠭ᠎ᠠ︾ ᠳᠤ ᠵᠣᠬᠢᠬᠤ ᠵᠠᠰᠠᠪᠤᠷᠢ  ᠣᠷᠣᠭᠤᠯᠤᠨ ᠳᠠᠬᠢᠵᠤ ᠨᠡᠶᠢᠲᠡᠯᠡᠪᠡ᠃     ᠳᠠᠭᠠᠯᠳᠤᠭᠤᠯᠤᠯ᠄ 1. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ     2. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮᠳᠠᠭᠠᠯᠳᠤᠭᠤᠯᠤᠯ 1     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ     ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠶᠢᠰᠦᠳᠦᠭᠡᠷ ᠵᠦᠢᠯ ᠢ᠄ ︽ᠴᠢᠯᠠᠭᠤᠨ ᠲᠣᠰᠣ ᠬᠢᠮᠢ ᠶᠢᠨ ᠪᠠᠷᠢᠯᠭ᠎ᠠ ᠪᠠ ᠤᠭᠰᠠᠷᠠᠬᠤ ᠪᠠᠷᠢᠯᠭ᠎ᠠ ᠶᠢᠨ ᠪᠠᠷᠢᠯᠭ᠎ᠠ ᠪᠠᠷᠢᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠳᠠᠬᠢ ᠤᠯᠠᠨ ᠨᠡᠶᠢᠲᠡ ᠶᠢᠨ ᠠᠰᠢᠭ ᠲᠤᠰᠠ᠂ ᠤᠯᠠᠨ ᠨᠡᠶᠢᠲᠡ ᠶᠢᠨ ᠠᠮᠤᠷ ᠲᠦᠪᠰᠢᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠳᠤ ᠬᠤᠯᠪᠣᠭᠳᠠᠭᠰᠠᠨ ᠠᠭᠤᠯᠭ᠎ᠠ ᠶᠢ ᠪᠣᠯ ᠴᠢᠯᠠᠭᠤᠨ ᠲᠣᠰᠣ ᠬᠢᠮᠢ ᠶᠢᠨ ᠪᠠᠷᠢᠯᠭ᠎ᠠ ᠪᠠ ᠤᠭᠰᠠᠷᠠᠬᠤ ᠪᠠᠷᠢᠯᠭ᠎ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠪᠠᠶᠢᠴᠠᠭᠠᠬᠤ ᠬᠡᠷᠡᠭᠲᠡᠢ᠃ ᠪᠠᠷᠢᠯᠭ᠎ᠠ ᠪᠠᠷᠢᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠢᠶᠠᠨ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠣᠯ ᠬᠡᠷᠡᠭᠯᠡᠵᠦ ᠪᠣᠯᠬᠤ ᠦᠭᠡᠢ᠃︾ ᠭᠡᠵᠦ ᠵᠠᠰᠠᠪᠤᠷᠢ ᠣᠷᠣᠭᠤᠯᠪᠠ᠃     ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠬᠢᠨᠠᠨ ᠲᠣᠭᠲᠠᠭᠠᠵᠤ ᠦᠨᠡᠮᠰᠢᠬᠦ ᠬᠠᠮᠢᠶᠠᠷᠤᠯᠲᠠ ᠶᠢᠨ ᠠᠷᠭ᠎ᠠ︾ ᠳᠠᠬᠢ ︽ᠬᠢᠨᠠᠨ ᠲᠣᠭᠲᠠᠭᠠᠵᠤ ᠦᠨᠡᠮᠰᠢᠬᠦ︾ ᠭᠡᠰᠡᠨ ᠢ ᠴᠥᠮ ︽ᠮᠠᠭᠠᠳᠯᠠᠨ ᠲᠣᠭᠲᠠᠭᠠᠬᠤ︾ ᠪᠣᠯᠭᠠᠨ ᠬᠠᠯᠠᠵᠤ᠂ ᠨᠡᠷᠡᠶᠢᠳᠦᠯ ᠢ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠭᠡᠵᠦ ᠵᠠᠰᠠᠪᠤᠷᠢ ᠣᠷᠣᠭᠤᠯᠪᠠ᠃     ᠬᠤᠶᠠᠳᠤᠭᠠᠷ ᠵᠦᠢᠯ ᠳᠤ᠄ ︽ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠯᠠᠭ᠎ᠠ ᠬᠢᠬᠦ ᠳᠤ ᠡᠷᠬᠡᠪᠰᠢ ᠲᠣᠰ ᠠᠷᠭ᠎ᠠ ᠶᠢ ᠵᠢᠷᠤᠮᠯᠠᠬᠤ ᠬᠡᠷᠡᠭᠲᠡᠢ︾ ᠭᠡᠵᠦ ᠵᠠᠰᠠᠪᠤᠷᠢ ᠣᠷᠣᠭᠤᠯᠪᠠ᠃     ᠭᠤᠷᠪᠠᠳᠤᠭᠠᠷ ᠵᠦᠢᠯ ᠳᠤ᠄ ︽ᠲᠤᠰ ᠠᠷᠭ᠎ᠠ ᠳᠤ ᠬᠡᠯᠡᠵᠦ ᠪᠠᠶᠢᠭ᠎ᠠ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠭᠡᠳᠡᠭ ᠨᠢ ᠤᠯᠤᠰ ᠤᠨ ᠬᠤᠯᠪᠣᠭᠳᠠᠯ ᠪᠦᠬᠦᠢ ᠪᠠᠶᠢᠭᠤᠯᠭ᠎ᠠ ᠠᠴᠠ ᠳᠤᠷᠠᠳᠴᠤ᠂ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠠᠵᠢᠯ ᠳᠤ ᠬᠤᠯᠪᠣᠭᠳᠠᠭᠰᠠᠨ ᠦᠨ᠎ᠡ ᠬᠠᠩᠰᠢ ᠨᠢ ᠲᠣᠳᠣᠷᠬᠠᠢ ᠦᠭᠡᠢ ᠪᠤᠶᠤ ᠦᠨ᠎ᠡ ᠬᠠᠩᠰᠢ ᠳᠤ ᠨᠢ ᠮᠠᠷᠭᠤᠭᠠᠨ ᠲᠠᠢ᠂ ᠵᠠᠬ᠎ᠠ ᠳᠡᠯᠭᠡᠭᠦᠷ ᠢᠶᠠᠷ ᠦᠨ᠎ᠡ ᠬᠠᠩᠰᠢ ᠶᠢ ᠲᠣᠬᠢᠷᠠᠭᠤᠯᠬᠤ ᠢᠯᠡ ᠦᠢᠯᠡᠳᠬᠦᠨ᠂ ᠳᠠᠯᠳᠠ ᠡᠳ᠋ ᠬᠥᠷᠥᠩᠭᠡ ᠪᠠ ᠡᠯ᠎ᠡ ᠲᠥᠷᠥᠯ ᠤᠨ ᠲᠥᠯᠥᠪᠦᠷᠢ ᠲᠠᠢ ᠦᠢᠯᠡᠴᠢᠯᠡᠭᠡᠨ ᠳᠤ ᠦᠨ᠎ᠡ ᠬᠠᠩᠰᠢ ᠶᠢᠨ ᠨᠤᠲᠠᠯᠠᠯᠲᠠ ᠬᠢᠬᠦ ᠦᠢᠯᠡ ᠠᠵᠢᠯᠯᠠᠭ᠎ᠠ ᠶᠢ ᠵᠢᠭᠠᠵᠤ ᠪᠣᠢ᠃︾ ᠭᠡᠵᠦ ᠵᠠᠰᠠᠪᠤᠷᠢ ᠣᠷᠣᠭᠤᠯᠪᠠ᠃     ᠲᠠᠪᠤᠳᠤᠭᠠᠷ ᠵᠦᠢᠯ ᠳᠤ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯ ᠢ ᠡᠭᠦᠷᠭᠡᠯᠡᠬᠦ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃     ᠵᠢᠷᠭᠤᠳᠤᠭᠠᠷ ᠵᠦᠢᠯ ᠳᠤ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠲᠣᠰ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠡᠭᠴᠡ ᠬᠠᠮᠢᠶᠠᠷᠬᠤ ᠰᠠᠯᠠᠭ᠎ᠠ ᠮᠥᠴᠢᠷ ᠤᠨ ᠬᠠᠷᠢᠶ᠎ᠠ ᠪᠠᠶᠢᠭᠤᠯᠤᠮᠵᠢ ᠶᠢᠨ ᠳᠤᠷᠠᠳᠤᠭᠰᠠᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠵᠦᠢᠯᠡᠰ ᠢ ᠬᠠᠷᠢᠭᠤᠴᠠᠬᠤ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃     ᠶᠢᠰᠦᠳᠦᠭᠡᠷ ᠵᠦᠢᠯ ᠢ ᠨᠠᠢᠮᠠᠳᠤᠭᠠᠷ ᠵᠦᠢᠯ ᠪᠣᠯᠭᠠᠵᠤ᠂ ᠳᠣᠣᠷᠠᠬᠢ ᠮᠡᠲᠦ ᠵᠠᠰᠠᠪᠤᠷᠢ ᠣᠷᠣᠭᠤᠯᠪᠠ᠄ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠲᠠᠨ ᠨᠢ ᠲᠤᠬᠠᠶᠢᠲᠠᠢ ᠬᠥᠮᠥᠨ ᠲᠠᠢ ᠰᠠᠳᠤᠨ ᠲᠥᠷᠥᠯ ᠤᠨ ᠬᠠᠷᠢᠴᠠᠭ᠎ᠠ᠂ ᠰᠢᠭᠤᠳ ᠠᠰᠢᠭ ᠬᠤᠣᠷ ᠤᠨ ᠬᠠᠷᠢᠴᠠᠭ᠎ᠠ ᠪᠤᠶᠤ ᠪᠤᠰᠤᠳ ᠬᠠᠷᠢᠴᠠᠭ᠎ᠠ ᠲᠠᠢ ᠪᠠᠶᠢᠵᠤ᠂ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠳ᠋ᠦᠩᠨᠡᠯᠲᠡ ᠶᠢᠨ ᠭᠤᠤᠯᠴᠢ ᠴᠢᠨᠠᠷ ᠪᠠ ᠣᠨᠣᠪᠴᠢᠲᠤ ᠴᠢᠨᠠᠷ ᠢ ᠨᠥᠯᠥᠭᠡᠯᠡᠵᠦ ᠮᠡᠳᠡᠬᠦ ᠳᠤ ᠬᠦᠷᠪᠡᠯ᠂ ᠵᠠᠶᠢᠯᠠᠬᠤ ᠬᠡᠷᠡᠭᠲᠡᠢ᠃     ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠲᠠᠨ ᠤ ᠵᠠᠶᠢᠯᠠᠬᠤ ᠡᠰᠡᠬᠦ ᠶᠢ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠣᠭᠲᠠᠭᠠᠬᠤ ᠬᠡᠷᠡᠭᠲᠡᠢ᠃ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠵᠠᠶᠢᠯᠠᠬᠤ ᠡᠰᠡᠬᠦ ᠶᠢ ᠠᠳᠠᠯᠢ ᠱᠠᠲᠤᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠭᠲᠠᠭᠠᠬᠤ ᠬᠡᠷᠡᠭᠲᠡᠢ᠃︾     ᠠᠷᠪᠠᠳᠤᠭᠠᠷ ᠵᠦᠢᠯ ᠢ ᠶᠢᠰᠦᠳᠦᠭᠡᠷ ᠵᠦᠢᠯ ᠪᠣᠯᠭᠠᠵᠤ᠂ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠭᠦᠢᠴᠡᠳᠬᠡᠭᠰᠡᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠵᠦᠢᠯᠡᠰ ᠲᠤ᠂ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠶᠢ ᠳᠤᠷᠠᠳᠤᠭᠰᠠᠨ ᠪᠠᠶᠢᠭᠤᠯᠭ᠎ᠠ ᠶᠢᠨ ᠭᠠᠷᠭᠠᠭᠰᠠᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠬᠠᠮᠵᠢᠯᠴᠠᠭᠠᠨ ᠤ ᠪᠢᠴᠢᠭ ᠪᠠᠶᠢᠬᠤ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃     ᠠᠷᠪᠠᠨ ᠬᠤᠶᠠᠳᠤᠭᠠᠷ ᠵᠦᠢᠯ ᠢ ᠠᠷᠪᠠᠨ ᠨᠢᠭᠡᠳᠦᠭᠡᠷ ᠵᠦᠢᠯ ᠪᠣᠯᠭᠠᠵᠤ᠂ ᠳᠣᠣᠷᠠᠬᠢ ᠮᠡᠲᠦ ᠵᠠᠰᠠᠪᠤᠷᠢ ᠣᠷᠣᠭᠤᠯᠪᠠ᠄ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠳᠣᠣᠷᠠᠬᠢ ᠲᠣᠭᠲᠠᠭᠠᠯ ᠶᠣᠰᠣᠭᠠᠷ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠬᠡᠷᠡᠭᠲᠡᠢ᠄     ︵ᠨᠢᠭᠡ︶ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠬᠠᠩᠰᠢ ᠳᠤ ᠬᠠᠷᠢᠶᠠᠯᠠᠭᠳᠠᠪᠠᠯ᠂ ᠵᠠᠬ᠎ᠠ ᠳᠡᠯᠭᠡᠭᠦᠷ ᠤᠨ ᠳᠤᠮᠳᠠ  ᠶᠢᠨ ᠦᠨ᠎ᠡ ᠪᠠᠷ ᠲᠣᠭᠠᠴᠠᠯᠠᠨ ᠪᠣᠳᠣᠬᠤ ᠬᠡᠷᠡᠭᠲᠡᠢ︔     ︵ᠬᠤᠶᠠᠷ︶ ᠦᠢᠯᠡᠳᠴᠦ ᠳᠠᠭᠤᠰᠤᠭᠠᠳᠤᠢ ᠬᠠᠭᠠᠰ ᠳᠤᠲᠠᠭᠤ ᠵᠦᠢᠯᠡᠰ ᠢ ᠪᠣᠯ ᠦᠢᠯᠡᠳᠴᠦ ᠳᠠᠭᠤᠰᠤᠭᠰᠠᠨ ᠬᠡᠮᠵᠢᠶ᠎ᠡ ᠪᠠ ᠥᠪᠡᠷ ᠤᠨ ᠥᠷᠲᠡᠭ ᠢᠶᠠᠷ ᠨᠢ ᠲᠣᠭᠠᠴᠠᠯᠠᠨ ᠪᠣᠳᠣᠬᠤ ᠬᠡᠷᠡᠭᠲᠡᠢ︔     ︵ᠭᠤᠷᠪᠠ︶ ᠬᠡᠷᠡᠭᠯᠡᠭᠰᠡᠨ ᠡᠳ᠋ ᠪᠣᠳᠠᠰ ᠢ ᠪᠣᠯ ᠬᠠᠭᠤᠴᠢᠷᠠᠭᠰᠠᠨ ᠪᠠᠶᠢᠳᠠᠯ᠂ ᠣᠳᠣ ᠶᠢᠨ ᠦᠨ᠎ᠡ ᠥᠷᠲᠡᠭ ᠪᠤᠶᠤ ᠦᠯᠡᠳᠡᠭᠰᠡᠨ ᠦᠨ᠎ᠡ ᠥᠷᠲᠡᠭ ᠢᠶᠠᠷ ᠨᠢ ᠨᠤᠭᠤᠯᠤᠨ ᠪᠣᠳᠣᠬᠤ ᠬᠡᠷᠡᠭᠲᠡᠢ︔     ︵ᠳᠥᠷᠪᠡ︶  ᠪᠠᠷᠢᠴᠠᠭᠠᠯᠠᠬᠤ ᠪᠠ ᠥᠷᠢ ᠲᠥᠯᠥᠬᠦ ᠡᠳ᠋ ᠪᠣᠳᠠᠰ᠂ ᠬᠤᠳᠠᠯᠳᠤᠬᠤ ᠪᠤᠶᠤ ᠦᠨ᠎ᠡ ᠬᠠᠶᠠᠵᠤ ᠬᠤᠳᠠᠯᠳᠤᠬᠤ ᠡᠳ᠋ ᠪᠣᠳᠠᠰ᠂ ᠡᠵᠡᠨ ᠦᠭᠡᠢ ᠡᠳ᠋ ᠪᠣᠳᠠᠰ ᠢ ᠪᠣᠯ ᠵᠠᠬ᠎ᠠ ᠳᠡᠯᠭᠡᠭᠦᠷ ᠤᠨ ᠪᠠᠶᠢᠳᠠᠯ ᠲᠠᠢ ᠤᠶᠠᠯᠳᠤᠭᠤᠯᠤᠨ ᠲᠣᠬᠢᠷᠠᠮᠵᠢᠲᠠᠢ ᠬᠠᠷᠢᠴᠠᠯ ᠢᠶᠠᠷ ᠨᠤᠭᠤᠯᠤᠨ ᠪᠣᠳᠣᠬᠤ ᠬᠡᠷᠡᠭᠲᠡᠢ︔     ︵ᠲᠠᠪᠤ︶  ᠠᠳᠡᠯ ᠳᠤ ᠡᠪᠳᠡᠭᠳᠡᠵᠦ ᠰᠦᠢᠳᠦᠭᠰᠡᠨ ᠡᠳ᠋ ᠪᠣᠳᠠᠰ ᠢ ᠪᠣᠯ ᠡᠪᠳᠡᠷᠡᠵᠦ ᠰᠦᠢᠳᠦᠭᠰᠡᠨ ᠪᠠᠶᠢᠳᠠᠯ ᠪᠠ ᠵᠠᠰᠠᠵᠤ ᠰᠠᠶᠢᠵᠢᠷᠠᠭᠤᠯᠬᠤ ᠵᠠᠷᠤᠳᠠᠯ ᠢᠶᠠᠷ ᠨᠢ ᠲᠣᠭᠠᠴᠠᠯᠠᠨ ᠪᠣᠳᠣᠬᠤ ᠬᠡᠷᠡᠭᠲᠡᠢ︔     ︵ᠵᠢᠷᠭᠤᠭ᠎ᠠ︶ ᠦᠢᠯᠡᠴᠢᠯᠡᠭᠡᠨ ᠤ ᠲᠥᠷᠥᠯ ᠵᠦᠢᠯ ᠢ ᠪᠣᠯ ᠲᠤᠬᠠᠢ ᠶᠢᠨ ᠭᠠᠵᠠᠷ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ  ᠳᠤᠮᠳᠠᠴᠢ ᠦᠨ᠎ᠡ ᠪᠠᠷ ᠲᠣᠭᠠᠴᠠᠯᠠᠨ ᠪᠣᠳᠣᠬᠤ ᠬᠡᠷᠡᠭᠲᠡᠢ᠃︾     ᠠᠷᠪᠠᠨ ᠭᠤᠷᠪᠠᠳᠤᠭᠠᠷ ᠵᠦᠢᠯ ᠢ ᠠᠷᠪᠠᠨ ᠬᠤᠶᠠᠳᠤᠭᠠᠷ ᠵᠦᠢᠯ ᠪᠣᠯᠭᠠᠵᠤ᠂ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠶᠢ ᠳᠤᠷᠠᠳᠤᠭᠰᠠᠨ ᠪᠠᠶᠢᠭᠤᠯᠭ᠎ᠠ ᠶᠢᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠵᠦᠢᠯᠡᠰ ᠢ ᠳᠤᠷᠠᠳᠤᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠭᠠᠷᠭᠠᠬᠤ ᠬᠡᠷᠡᠭᠲᠡᠢ︔ ᠠᠰᠲᠠᠭᠠᠨ ᠪᠣᠯᠵᠣᠭᠰᠠᠨ ᠱᠠᠭᠠᠷᠳᠠᠯᠭ᠎ᠠ ᠲᠠᠢ ᠪᠣᠯ ᠪᠣᠯᠵᠣᠨ ᠲᠣᠭᠲᠠᠭᠰᠠᠨ ᠬᠤᠭᠤᠴᠠᠭᠠᠨ ᠳᠤ ᠬᠢᠬᠦ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃     ᠠᠷᠪᠠᠨ ᠳᠥᠷᠪᠡᠳᠦᠭᠡᠷ ᠵᠦᠢᠯ ᠢ ᠠᠷᠪᠠᠨ ᠭᠤᠷᠪᠠᠳᠤᠭᠠᠷ ᠵᠦᠢᠯ ᠪᠣᠯᠭᠠᠵᠤ᠄ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠶᠢ ᠳᠤᠷᠠᠳᠤᠭᠰᠠᠨ ᠪᠠᠶᠢᠭᠤᠯᠭ᠎ᠠ ᠨᠢ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠳᠤ ᠣᠨᠳᠣᠣ ᠰᠠᠨᠠᠯ ᠲᠠᠢ ᠪᠠᠶᠢᠪᠠᠯ᠂ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠶᠢ ᠭᠠᠷᠳᠠᠭᠰᠠᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ᠂ ᠳᠡᠭᠡᠳᠦ ᠨᠢᠭᠡ ᠱᠠᠲᠤᠨ ᠤ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠳᠤ ᠳᠠᠬᠢᠨ ᠬᠠᠷᠭᠤᠭᠤᠯᠬᠤ ᠪᠠᠷ ᠳᠤᠷᠠᠳᠴᠤ ᠪᠣᠯᠣᠨ᠎ᠠ᠂ ᠳᠠᠬᠢᠨ ᠬᠠᠷᠭᠤᠭᠤᠯᠬᠤ ᠶᠢ ᠬᠤᠶᠠᠷ ᠤᠳᠠᠭ᠎ᠠ ᠠᠴᠠ ᠢᠯᠡᠭᠦᠦ ᠳᠤᠷᠠᠳᠴᠤ ᠪᠣᠯᠬᠤ ᠦᠭᠡᠢ᠃︾ ᠭᠡᠵᠦ  ᠵᠠᠰᠠᠪᠤᠷᠢ ᠣᠷᠣᠭᠤᠯᠪᠠ᠃     ᠠᠷᠪᠠᠨ ᠲᠠᠪᠤᠳᠤᠭᠠᠷ ᠵᠦᠢᠯ ᠢ ᠠᠷᠪᠠᠨ ᠳᠥᠷᠪᠡᠳᠦᠭᠡᠷ ᠵᠦᠢᠯ ᠪᠣᠯᠭᠠᠵᠤ᠂ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠭᠠᠷᠭᠠᠭᠰᠠᠨ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠳᠤ᠂ ᠳᠤᠷᠠᠳᠤᠭᠰᠠᠨ ᠪᠠᠶᠢᠭᠤᠯᠭ᠎ᠠ ᠪᠠᠷ ᠨᠤᠲᠠᠯᠠᠭᠤᠯᠤᠭᠰᠠᠨ ᠤ ᠳᠠᠷᠠᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠴᠠᠭᠠᠵᠠ ᠪᠠ ᠵᠠᠰᠠᠭ ᠵᠠᠬᠢᠷᠭᠠᠨ ᠤ ᠠᠵᠢᠯ ᠤᠨ ᠦᠨᠳᠦᠰᠦᠯᠡᠯ ᠪᠣᠯᠭᠠᠬᠤ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃     ᠠᠷᠪᠠᠨ ᠵᠢᠷᠭᠤᠳᠤᠭᠠᠷ ᠵᠦᠢᠯ ᠢ ᠬᠠᠰᠤᠪᠠ᠃     ᠠᠷᠪᠠᠨ ᠳᠣᠯᠣᠳᠤᠭᠠᠷ ᠵᠦᠢᠯ ᠢ ᠠᠷᠪᠠᠨ ᠲᠠᠪᠤᠳᠤᠭᠠᠷ ᠵᠦᠢᠯ ᠪᠣᠯᠭᠠᠵᠤ᠂ ᠳᠣᠣᠷᠠᠬᠢ ᠮᠡᠲᠦ ᠵᠠᠰᠠᠪᠤᠷᠢ ᠣᠷᠣᠭᠤᠯᠪᠠ᠄ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠪᠤᠶᠤ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠲᠠᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠣᠮᠢᠯᠠᠵᠤ ᠪᠠᠭᠤᠯᠭᠠᠬᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠠᠷᠢᠭᠤᠴᠠᠯᠭ᠎ᠠ ᠲᠠᠢ ᠤᠳᠤᠷᠢᠳᠤᠯᠭ᠎ᠠ ᠨᠠᠷ ᠪᠠ ᠰᠢᠭᠤᠳ ᠬᠠᠷᠢᠭᠤᠴᠠᠯᠭ᠎ᠠ ᠲᠠᠢ ᠠᠵᠢᠯᠲᠠᠨ ᠳᠤ ᠰᠢᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠄     ︵ᠨᠢᠭᠡ︶ ᠬᠠᠤᠯᠢ ᠶᠣᠰᠣᠭᠠᠷ ᠣᠯᠣᠭᠰᠠᠨ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠮᠠᠲ᠋ᠧᠷᠢᠶᠠᠯ ᠪᠤᠶᠤ ᠣᠶᠢᠯᠠᠭᠠᠭᠰᠠᠨ ᠪᠠᠶᠢᠳᠠᠯ ᠢ ᠪᠤᠰᠤᠳ ᠵᠣᠷᠢᠯᠭ᠎ᠠ ᠲᠠᠢ ᠪᠠᠷ ᠬᠡᠷᠡᠭᠯᠡᠭᠰᠡᠨ︔     ︵ᠬᠤᠶᠠᠷ︶ ᠪᠡᠶᠡᠴᠢ ᠲᠠᠯ᠎ᠠ ᠶᠢᠨ ᠵᠣᠷᠢᠭᠤᠳᠠ ᠪᠤᠶᠤ ᠠᠳᠡᠯ ᠠᠴᠠ ᠪᠣᠯᠵᠤ᠂ ᠬᠤᠳᠠᠯ ᠬᠠᠭᠤᠷᠮᠠᠭ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠭᠠᠷᠭᠠᠭᠰᠠᠨ ᠪᠤᠶᠤ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠳᠤ ᠨᠢ ᠬᠦᠨᠳᠦ ᠶᠡᠭᠡ ᠠᠯᠳᠠᠰᠢ ᠪᠤᠷᠤᠭᠤ ᠲᠠᠢ ᠪᠣᠯᠤᠭᠰᠠᠨ︔     ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ  ᠃︾     ᠠᠷᠪᠠᠨ ᠨᠠᠢᠮᠠᠳᠤᠭᠠᠷ ᠵᠦᠢᠯ ᠢ ᠬᠠᠰᠤᠪᠠ᠃     ᠡᠭᠦᠨ ᠠᠴᠠ ᠭᠠᠳᠠᠨ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠲᠣᠭᠲᠠᠭᠠᠯ ᠳᠦᠷᠢᠮ ᠳᠠᠬᠢ ᠵᠦᠢᠯ ᠵᠤᠷᠪᠤᠰ ᠤᠨ ᠳ᠋ᠤᠭᠠᠷ ᠲᠤ ᠵᠣᠬᠢᠬᠤ ᠲᠣᠬᠢᠷᠠᠭᠤᠯᠤᠯᠲᠠ ᠬᠢᠪᠡ᠃    ᠳᠠᠭᠠᠯᠳᠤᠭᠤᠯᠤᠯ 2           ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠴᠠ‌‍ᠬᠦ᠋ᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠦᠢᠳᠬᠡᠯ ᠢ ᠴᠤᠭᠯᠠᠭᠤᠯᠬᠤ ᠬᠠᠮᠢᠶᠠᠷᠤᠯᠲᠠ ᠶᠢᠨ ᠠᠷᠭ᠎ᠠ︾ ︵2006 ᠣᠨ ᠤ 1  ᠳ᠋ᠦ᠋ᠭᠡᠷ ᠰᠠᠷ᠎ᠠ ᠶᠢᠨ 19 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 143 ᠳ᠋ᠤᠭᠠᠷ ᠲᠣᠭᠠᠲᠤ ᠪᠠᠷ ᠨᠡᠶᠢᠲᠡᠯᠡᠪᠡ︶  
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号