︽ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ︾ ᠠᠵᠢᠯ ᠢ ᠰᠠᠶᠢᠳᠤᠷ ᠬᠢᠵᠦ ᠬᠦᠳᠡᠭᠡ ᠨᠤᠳᠤᠭ ᠤᠨ ᠲᠦᠷᠰᠦ ᠪᠡᠶᠢᠳᠠᠯ ᠢ ᠬᠠᠪᠤᠷ ᠤᠨ ᠦᠩᠬᠡ ᠪᠠᠷ ᠪᠢᠯᠬᠠᠭᠤᠯᠤᠯ᠎ᠠ
ᠨᠡᠶᠢᠲᠡᠯᠡᠭᠰᠡᠨ ᠴᠠᠭ᠄
2024/3/25
                                             ᠵᠠᠰᠠᠮᠠᠯ ᠵᠠᠮ ᠳᠠᠭᠠᠤ ᠬᠤᠷᠠᠭᠰᠠᠨ ᠴᠠᠰᠤ ᠬᠠᠶᠢᠯᠵᠦ᠂ ᠴᠠᠰᠤᠨ ᠳᠤ ᠲᠠᠷᠤᠭᠳᠠᠵᠦ ᠪᠠᠶᠢᠭᠰᠠᠨ ᠬᠤᠭ ᠨᠣᠪᠰᠢ ᠠᠭᠠᠵᠢᠮ ᠢᠶᠠᠷ ᠢᠯᠡ ᠭᠠᠷᠴᠦ ᠢᠷᠡᠭᠰᠡᠨ ᠢᠶᠠᠷ ᠵᠢᠷ ᠤᠨ ᠭᠤᠤᠯ ᠪᠠᠯᠭᠠᠰᠤ ᠨᠢ  ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠨᠡᠨᠬᠦ ᠪᠦᠲᠦᠮᠵᠢᠲᠡᠢ ᠠᠬᠢᠭᠤᠯᠬᠤ ᠶᠢᠨ ᠲᠤᠰᠠᠳᠠ᠂ ᠣᠶᠢᠷ᠎ᠠ ᠳᠤ᠂ ᠠᠵᠢᠯᠳᠡᠳ ᠢᠶᠠᠨ ᠢᠳᠡᠪᠬᠢᠲᠡᠢ ᠪᠠᠷ ᠵᠣᠬᠢᠶᠠᠨ  ᠪᠠᠶᠢᠭᠤᠯᠤᠨ ᠬᠠᠷᠢᠶᠠᠯᠠᠭᠳᠠᠬᠤ ᠣᠷᠣᠨ ᠤ ᠲᠤᠳᠤᠷᠡᠬᠢ G207 ᠤᠯᠤᠰ ᠤᠨ ᠵᠠᠮ ᠳᠠᠭᠠᠤ ᠳᠠᠬᠢ ᠬᠤᠭ ᠨᠣᠪᠰᠢ ᠴᠡᠪᠡᠷᠯᠡᠬᠦ ᠠᠵᠢᠯᠯᠠᠭ᠎ᠠ ᠦᠷᠨᠢᠬᠦᠯᠪᠡ᠃     ᠳᠠᠷᠠᠭᠠᠴᠢ ᠶᠢᠨ ᠠᠯᠬᠤᠮ ᠳᠤ᠂ ᠵᠢᠷ ᠤᠨ ᠭᠤᠤᠯ ᠪᠠᠯᠭᠠᠰᠤ ᠨᠢ ᠪᠦᠬᠦ ᠪᠠᠯᠭᠠᠰᠤᠨ ᠤ  ᠬᠡᠪᠴᠢᠶᠡᠨ ᠳᠤ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠶᠢᠨ ᠬᠠᠮᠲᠤ ᠤᠬᠠᠭᠤᠯᠭ᠎ᠠ ᠬᠥᠮᠦᠵᠢᠯ ᠢ ᠰᠠᠶᠢᠳᠤᠷ ᠬᠢᠵᠦ᠂ ᠥᠷᠭᠡᠨ ᠤᠯᠠᠨ ᠲᠦᠮᠡᠨ ᠤ ᠣᠷᠴᠢᠨ ᠲᠣᠭᠤᠷᠢᠨ ᠢᠶᠠᠨ ᠬᠠᠶᠢᠷᠠᠯᠠᠬᠤ ᠪᠠ  ᠠᠷᠢᠭᠤᠨ ᠴᠡᠪᠡᠷ ᠭᠡᠷ ᠣᠷᠣᠨ ᠢᠶᠠᠨ ᠬᠠᠮᠲᠤᠪᠠᠷ ᠴᠣᠭᠴᠠᠯᠠᠨ ᠪᠠᠶᠢᠭᠤᠯᠬᠤ ᠣᠶᠢᠯᠠᠭᠠᠭᠳᠠᠬᠤᠨ ᠢ  ᠢᠳᠡᠪᠬᠢᠲᠡᠢ ᠪᠤᠢ ᠪᠤᠯᠭᠠᠨ᠂ ᠬᠦᠮᠦᠰ ᠢ ᠬᠥᠲᠥᠯᠥᠨ ᠵᠢᠯᠤᠭᠤᠳᠴᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠭᠤᠯᠤᠨ᠂ ᠣᠷᠴᠢᠨ ᠲᠣᠭᠤᠷᠢᠨ ᠢᠶᠠᠨ ᠬᠠᠮᠲᠤᠪᠠᠷ ᠬᠠᠶᠢᠷᠠᠯᠠᠵᠦ᠂ ᠦᠷᠬᠡᠨ ᠤᠯᠠᠨ ᠲᠦᠮᠡᠨ ᠤ ᠬᠦᠷᠲᠡᠮᠵᠢᠳᠦ ᠲᠥᠷᠥᠭᠳᠡᠯ ᠪᠤᠯᠤᠨ ᠵᠣᠯ ᠵᠢᠷᠭᠠᠯᠲᠤ ᠲᠥᠷᠥᠭᠳᠡᠯ ᠢ ᠨᠢ ᠦᠨᠡᠨᠬᠦ ᠨᠡᠮᠡᠭᠳᠡᠬᠦᠯᠬᠦ ᠪᠠᠷ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号