ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠰᠪᠠᠶᠠᠷ ᠨᠠᠷ ᠪᠠᠷᠠᠭᠤᠨ ᠦᠵᠦᠮᠦᠴᠢᠨ ᠬᠤᠰᠢᠭᠤᠨ ᠳᠤ ᠭᠦᠨᠵᠡᠭᠡᠶᠢᠷᠡᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/3/25
   3 ᠰᠠᠷ᠎ᠠ ᠶᠢᠨ 22 ᠤᠨ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠰᠪᠠᠶᠠᠷ ᠨᠠᠷ ᠮᠠᠨ ᠤ ᠬᠤᠰᠢᠭᠤᠨ ᠳᠤ ᠭᠦᠨᠵᠡᠭᠡᠶᠢᠷᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠤᠬᠠᠮᠰᠠᠷ ᠤᠨ ᠭᠤᠣᠯ ᠱᠤᠭᠤᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠬᠤ︾ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠠᠷᠠᠨᠲᠤᠶᠠᠭ᠎ᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠰᠠᠨᠠᠯ ᠳᠤᠷᠠᠳᠤᠯᠭ᠎ᠠ ᠶᠢᠨ ᠬᠠᠮᠢᠶᠠᠷᠤᠯᠲᠠ ᠶᠢᠨ ᠵᠥᠪᠯᠡᠯ ᠪᠣᠯᠣᠨ  ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠤᠣᠯ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠪᠠᠶ᠋ᠬᠠᠭᠤᠯᠠ ᠬᠡᠦᠬᠡᠳ ᠤᠨ ᠴᠡᠴᠡᠷᠯᠢᠭ᠂ ᠪᠠᠶᠠᠨᠭᠤᠣᠯ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠵᠢᠴᠢ ᠬᠤᠭᠤᠯᠠᠳᠤ ᠶᠢᠨ ᠭᠤᠣᠯ ᠪᠠᠯᠭᠠᠰᠤᠨ ᠤ ᠠᠯᠳ᠋ᠬᠠᠤᠳᠤ ᠭᠠᠴᠠᠭ᠎ᠠ ᠳᠤ ᠬᠦᠷᠴᠦ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠ ᠰᠠᠨᠠᠯ ᠢᠶᠠᠨ ᠰᠣᠯᠢᠯᠴᠠᠵᠤ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠮᠠᠨ ᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ ᠪᠠᠶᠢᠭᠤᠯᠬᠤ ᠭᠤᠣᠯ ᠱᠤᠭᠤᠮ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃
   ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠳᠡᠳ᠋ ᠲᠡᠷᠢᠭᠦᠯᠡᠭᠴᠢ ᠬᠠᠰᠪᠠᠶᠠᠷ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ᠂ ᠬᠦᠴᠦᠯᠡᠬᠦ ᠴᠡᠭ ᠢ ᠣᠨᠣᠪᠴᠢᠲᠠᠢ ᠡᠷᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠪᠣᠳᠠᠲᠠᠢ ᠠᠵᠢᠯ ᠲᠠᠢ ᠤᠶᠠᠯᠳᠤᠭᠤᠯᠬᠤ ᠪᠠ ᠠᠭᠤᠰᠤᠯᠴᠠᠭᠤᠯᠬᠤ ᠠᠵᠢᠯ ᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠥᠷᠭᠡᠨ ᠤᠯᠠᠨ ᠺᠠᠳ᠋ᠷ ᠤᠯᠠᠨ ᠲᠦᠮᠡᠨ ᠤ ᠦᠢᠯᠡ ᠠᠵᠢᠯᠯᠠᠭᠠᠨ ᠤ ᠪᠠᠷᠢᠮᠵᠢᠶ᠎ᠠ ᠪᠠ ᠡᠳᠦᠷ ᠲᠤᠳᠤᠮ ᠤᠨ ᠳᠠᠳᠬᠠᠯ ᠪᠣᠯᠭᠠᠬᠤ ᠬᠡᠷᠡᠭᠲᠡᠢ᠃ ᠲᠦᠭᠦᠮ ᠣᠶᠢᠯᠠᠭᠠᠮᠵᠢᠲᠠᠢ ᠦᠭᠡ ᠬᠡᠯᠡ ᠪᠠᠷ ᠲᠤᠰ ᠭᠠᠵᠠᠷ ᠣᠷᠣᠨ ᠤ ᠪᠣᠳᠠᠲᠤ ᠣᠨᠴᠠᠯᠢᠭ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ︽ᠳᠥᠷᠪᠡ ᠶᠢ ᠬᠠᠮᠲᠤᠳᠬᠠᠬᠤ︾ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠲᠠᠪᠤᠨ ᠲᠠᠨᠢᠯᠲᠠ︾ ᠶᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号