ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠬᠠᠪᠤᠷ ᠤᠨ ᠤᠯᠠᠷᠢᠯ ᠤᠨ ᠤᠯᠠᠮᠵᠢᠯᠠᠯᠲᠤ  ᠠᠳᠣᠭᠤᠨ ᠰᠣᠶᠣᠯ ᠤᠨ ᠦᠵᠡᠭᠦᠯᠦᠯᠭᠡ ᠵᠢᠴᠢ ᠵᠢᠭᠤᠯᠴᠢᠯᠠᠯ ᠤᠨ ᠬᠡᠷᠡᠯ ᠵᠢᠷᠤᠭ  ᠤᠨ ᠠᠵᠢᠯᠯᠠᠭ᠎ᠠ ᠡᠬᠢᠯᠠᠵᠦ ᠶᠠᠪᠤᠭᠳᠠᠯ᠎ᠠ
ᠨᠡᠶᠢᠲᠡᠯᠡᠭᠰᠡᠨ ᠴᠠᠭ᠄
2024/3/25
    3 ᠰᠠᠷ᠎ᠠ ᠶᠢᠨ 19 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠬᠠᠪᠤᠷ ᠤᠨ ᠤᠯᠠᠷᠢᠯ ᠤᠨ ᠤᠯᠠᠮᠵᠢᠯᠠᠯᠲᠤ ᠠᠳᠤᠭᠤᠨ‌‍ᠰᠣᠶᠣᠯ ᠤᠨ ᠦᠵᠡᠭᠦᠯᠦᠯᠭᠡ ᠵᠢᠴᠢ ᠵᠢᠭᠤᠯᠴᠢᠯᠠᠯ ᠤᠨ ᠬᠡᠷᠡᠯ ᠵᠢᠷᠤᠭ  ‍ᠤᠨ‌ᠠᠵᠢᠯᠯᠠᠭ᠎ᠠ ᠡᠬᠢᠯᠠᠵᠦ ᠶᠠᠪᠤᠭᠳᠠᠵᠠᠢ᠃
           ᠡᠬᠢᠯᠡᠯᠲᠡ ᠶᠢᠨ ᠶᠣᠰᠣᠯᠠᠯ ᠳᠡᠭᠡᠷ᠎ᠡ᠂ ᠤᠯᠠᠭᠠᠨᠮᠥ᠋ᠴᠢᠷ ᠤᠨ ᠲᠣᠭᠯᠠᠭᠴᠢᠳ ᠠᠴᠠ  ᠤᠷᠠᠨ ᠰᠠᠶᠢᠬᠠᠨ ᠤ ᠲᠣᠭᠯᠠᠯᠲᠠ ᠭᠠᠷᠭᠠᠵᠤ᠂  ᠠᠵᠢᠯᠯᠠᠭᠠᠨ ᠳᠤ ᠭᠦᠷ ᠪᠠᠶᠠᠷ ᠨᠠᠮᠠᠷᠢᠯᠡᠭᠰᠠᠨ ᠪᠦᠬᠡᠳ ᠬᠤᠷᠠᠭᠰᠠᠨ ᠤᠯᠠᠨ ᠦᠵᠡᠭᠴᠢᠳ ᠲᠤ ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂  ᠰᠢᠨ᠎ᠠ   ᠴᠠᠭ ᠦᠶ᠎ᠠ ᠶᠢᠨ ᠵᠢᠷᠭᠠᠯᠳᠣ ᠠᠮᠢᠳᠣᠷᠠᠯ ᠢᠶᠠᠨ ᠴᠤᠭᠴᠠᠯᠠᠬᠤ ᠪᠠᠷ ᠤᠷᠤᠭᠰᠢᠯᠠᠨ ᠲᠠᠮᠠᠴᠠᠵᠦ ᠪᠠᠶᠢᠭ᠎ᠠ ᠰᠢᠨ᠎ᠠ ᠬᠡᠪ ᠲᠦᠷᠭᠦ ᠶᠢ ᠬᠠᠷᠠᠭᠤᠯᠤᠭᠰᠠᠨ ᠪᠠᠶᠢᠨ᠎ᠠ᠃
          ᠲᠤᠰ ᠤᠳᠠᠭᠠᠨ ᠤ  ᠠᠵᠢᠯᠯᠠᠭ᠎ᠠ ᠨᠢ ᠡᠯ᠎ᠠ ᠭᠠᠵᠠᠷ ᠠᠴᠠ ᠭᠦᠷᠦᠯᠴᠠᠨ ᠢᠷᠡᠭᠰᠠᠨ ᠵᠢᠭᠤᠯᠴᠢᠯᠠᠭᠰᠠᠳ ᠵᠢᠴᠢ ᠬᠡᠷᠡᠯ ᠵᠢᠷᠤᠭ ᠤᠨ ᠪᠠᠭ᠋ᠠᠳᠠᠳ ᠲᠤ  ᠦᠵᠦᠮᠦᠴᠢᠨ ᠨᠤᠳᠤᠭ ᠤᠨ ᠠᠳᠣᠭᠤᠨ ᠰᠣᠶᠤᠯ ᠢ ᠪᠠᠶᠠᠴᠢᠯᠠᠨ   ᠦᠢᠯᠠᠭᠠᠬᠤ  ᠶᠢᠨ ᠲᠠᠭᠠᠤ  ᠭᠤᠶᠢᠳᠠ ᠰᠠᠶᠢᠬᠠᠨ ᠭᠡᠷᠡᠯ ᠵᠢᠷᠤᠭ ᠤᠨ ᠪᠦᠲᠦᠭᠡᠯ᠂ ᠥᠪᠡᠷᠮᠢᠴᠡ ᠣᠨᠴᠠᠯᠢᠭ ᠲᠠᠢ ᠮᠣᠷᠢᠨ ᠤ ᠬᠡᠷᠡᠭᠰᠡᠯ ᠢ  ᠰᠣᠨᠢᠷᠬᠠᠬᠤ ᠲᠠᠪᠴᠠᠩ ᠬᠠᠩᠭᠠᠭᠰᠠᠨ ᠪᠠᠶᠢᠨ᠎ᠠ᠃ᠲᠣᠰ ᠤᠳᠠᠭᠠᠨ ᠤ ᠠᠵᠢᠯᠯᠠᠭ᠎ᠠ ᠶᠢ ᠪᠠᠷᠠᠭᠤᠨ ᠦᠵᠦᠮᠦᠴᠢᠨ ᠬᠤᠰᠢᠭᠤᠨ ᠤ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠠᠳᠣᠭᠤᠨ ᠤ ᠰᠣᠶᠤᠯ ᠤᠨ ᠭᠦᠷᠢᠶᠠᠯᠠᠩ ᠠᠴᠠ ᠭᠤᠣᠯᠯᠠᠨ ᠡᠷᠭᠢᠯᠡᠵᠦ᠂ ᠴᠠᠭᠠᠨ ᠠᠳᠣᠭᠤ ᠦᠷᠡᠵᠢᠬᠦᠯᠦᠨ ᠪᠤᠶᠢᠵᠢᠭᠤᠯᠬᠤ ᠰᠠᠭᠤᠷᠢᠨ ᠭᠠᠵᠠᠷ ᠠᠴᠠ  ᠲᠠᠭᠠᠭᠠᠴᠢᠯᠠᠨ᠂ ᠪᠠᠷᠠᠭᠤᠨ ᠦᠵᠦᠮᠦᠴᠢᠨ ᠬᠤᠰᠢᠭᠤᠨ ᠤ ᠠᠳᠤᠭᠤᠨ ᠤ ᠦᠢᠯᠡᠰ ᠤᠨ ᠨᠡᠶᠢᠭᠡᠮᠯᠢᠭ᠂ ᠬᠡᠷᠡᠯ ᠵᠢᠷᠤᠭᠴᠢᠳ ᠤᠨ ᠨᠡᠶᠢᠭᠡᠮᠯᠢᠭ   ᠠᠴᠠ ᠬᠠᠮᠵᠢᠯᠴᠠᠨ  ᠡᠷᠭᠢᠯᠡᠵᠡᠶ᠃
     ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠨᠢ2 ᠡᠳᠦᠷ ᠤᠨ ᠬᠤᠭᠤᠴᠠᠭ᠎ᠠ ᠲᠠᠢ ᠶᠠᠪᠤᠭᠳᠠᠨ᠂  ᠡᠷ᠎ᠡ ᠶᠢᠨ ᠭᠤᠷᠪᠠᠨ ᠨᠠᠭᠠᠳᠣᠮ᠂ ᠤᠷᠠᠨ ᠰᠠᠶᠢᠬᠠᠨ ᠤ ᠲᠣᠭᠯᠠᠯᠲᠠ᠂ ᠮᠤᠷᠢᠳᠠᠳ ᠤᠨ ᠲᠤᠭᠯᠠᠯᠳᠠ᠂ ᠡᠮᠨᠢᠭ ᠤᠷᠭᠠᠯᠠᠬᠤ᠂ ᠡᠮᠨᠢᠭ ᠰᠣᠷᠭᠠᠬᠤ᠂ ᠠᠳᠣᠭᠤ ᠲᠠᠯᠯᠠᠬᠦ᠂ ᠠᠳᠣᠭᠤᠴᠢᠨ ᠤ ᠤᠷ᠎ᠠ ᠮᠠᠷᠬᠡᠵᠢᠯ  ᠵᠡᠷᠭᠡ‌ᠠᠵᠢᠯᠯᠠᠭ᠎ᠠ  ᠶᠠᠪᠤᠭᠳᠠᠨ᠂ ᠤᠷᠤᠨ ᠨᠤᠳᠤᠭ ᠤᠨ ᠢᠶᠠᠨ ᠠᠳᠣᠭᠤᠨ  ᠰᠣᠶᠤᠯ ᠤᠨ ᠤᠬᠢ ᠰᠣᠳᠣ ᠶᠢ ᠬᠤᠷᠠᠭᠰᠠᠨ ᠤᠯᠠᠨ ᠳᠠᠭᠠᠨ ᠮᠠᠳᠠᠷᠡᠬᠦᠯᠵᠦ᠂ ᠠᠳᠣᠭᠤᠨ ᠤ ᠦᠢᠯᠠᠰ ᠤᠨ ᠦᠷᠨᠢᠬᠦᠨ ᠭᠦᠭᠵᠢᠯᠳᠠ   ᠳᠤ ᠲᠦᠯᠬᠢᠴᠠ ᠦᠢᠯᠠᠳᠣᠯ ᠭᠠᠷᠭᠠᠬᠤ ᠪᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号