ᠮᠠᠯᠵᠢᠬᠤ ᠣᠷᠣᠨ ᠤ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠬᠦᠮᠥᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/3/25
     ᠮᠠᠯᠵᠢᠬᠤ ᠣᠷᠣᠨ ᠤ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠠᠬᠢᠭᠤᠯᠵᠤ᠂ ᠮᠠᠯᠵᠢᠬᠤ ᠣᠷᠣᠨ ᠤ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠪᠠ ᠠᠵᠢᠯ ᠡᠷᠭᠢᠯᠡᠬᠦ ᠡᠩᠨᠡᠭᠡ ᠶᠢ  ᠬᠦᠮᠦᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠣᠶᠢᠷ᠎ᠠ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ  ᠤᠯᠠᠭᠠᠡᠬᠠᠭᠠᠯᠭ᠎ᠠ ᠰᠤᠮᠤᠨ ᠤ ᠡᠪᠯᠡᠯ ᠤᠨ ᠬᠤᠷᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠬᠠᠮᠲᠤᠷᠠᠨ 2024 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠠᠯᠵᠢᠬᠤ ᠣᠷᠣᠨ ᠤ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠬᠦᠮᠦᠵᠢᠭᠦᠯᠬᠦ ᠪᠣᠯᠪᠠᠰᠤᠷᠠᠯ ᠤᠨ ᠠᠩᠭᠢ ᠡᠷᠭᠢᠯᠡᠵᠦ᠂ ᠤᠯᠠᠭᠠᠡᠬᠠᠭᠠᠯᠭ᠎ᠠ ᠰᠤᠮᠣᠨ ᠤ 13 ᠭᠠᠴᠠᠭᠠᠨ ᠤ 32 ᠵᠠᠯᠠᠭᠤ ᠮᠠᠯᠴᠢᠨ ᠪᠣᠯᠪᠠᠰᠤᠷᠠᠯ ᠳᠤ ᠣᠷᠣᠯᠴᠠᠵᠠᠢ᠃     ᠣᠶᠢᠯᠠᠭᠠᠭᠰᠠᠨ ᠢᠶᠠᠷ ᠲᠤᠰ ᠤᠳᠠᠭᠠᠨ ᠤ ᠪᠣᠯᠪᠠᠰᠤᠷᠠᠯ ᠨᠢ 7 ᠡᠳᠦᠷ ᠤᠨ ᠬᠤᠭᠤᠴᠠᠭ᠎ᠠ ᠲᠠᠢ ᠶᠠᠪᠣᠭᠳᠠᠵᠤ᠂ ︽ᠣᠨᠣᠯ ᠤᠨ ᠰᠤᠷᠤᠯᠴᠠᠯᠭ᠎ᠠ + ᠪᠣᠳᠠᠲᠤ ᠦᠢᠯᠡᠳᠦᠯᠭᠡ ᠶᠢᠨ ᠪᠣᠯᠪᠠᠰᠤᠷᠠᠯ ︾ ᠤᠨ ᠬᠡᠯᠪᠡᠷᠢ ᠪᠠᠷ ᠬᠢᠴᠢᠶᠡᠯᠯᠡᠵᠦ᠂ ᠤᠨᠤᠯ ᠤᠨ ᠰᠤᠷᠤᠯᠴᠠᠯᠭ᠎ᠠ ᠨᠢ ᠭᠤᠣᠯᠳᠠᠭᠤ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠬᠠᠮᠢᠶᠠᠷᠤᠯᠲᠠ᠂ ᠣᠬᠤᠷ ᠸᠢᠳᠢᠤ᠋ ᠰᠢᠩᠭᠡᠭᠡᠯᠲᠡ ᠦᠢᠯᠡᠳᠬᠦ᠂ ᠰᠡᠭᠦᠳᠡᠷᠯᠡᠬᠦ᠂ ᠡᠰᠬᠡᠬᠦ᠂ ᠰᠢᠭᠤᠳ ᠨᠡᠪᠲᠡᠷᠡᠭᠦᠯᠭᠡ ᠶᠢᠨ ᠠᠭᠤᠯᠭ᠎ᠠ ᠶᠢ ᠲᠥᠰᠥᠪᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠰᠢᠰᠲ᠋ᠧᠮᠲᠦ ᠲᠠᠶᠢᠯᠤᠮᠵᠢ ᠬᠢᠵᠦ᠂ ᠪᠣᠳᠠᠲᠤ ᠦᠢᠯᠡᠳᠦᠯᠭᠡ ᠶᠢᠨ ᠪᠣᠯᠪᠠᠰᠤᠷᠠᠯ ᠨᠢ ᠲᠠᠸᠠᠷ ᠤᠨ ᠳᠡᠯᠭᠡᠨ ᠦᠵᠡᠭᠦᠯᠬᠦ ᠪᠣᠯᠪᠠᠰᠤᠷᠠᠯ᠂ ᠲᠠᠸᠠᠷ ᠤᠨ ᠪᠣᠷᠣ ᠮᠠᠲ᠋ᠧᠷᠢᠶᠠᠯ ᠦᠢᠯᠡᠳᠬᠦ᠂ ᠳᠡᠯᠭᠡᠭᠦᠷ ᠤᠨ ᠪᠣᠷᠣ ᠮᠠᠲ᠋ᠧᠷᠢᠶᠠᠯ ᠦᠢᠯᠡᠳᠬᠦ᠂ ᠣᠬᠤᠷ ᠸᠢᠳᠢᠤ᠋ ᠰᠢᠩᠭᠡᠭᠡᠯᠲᠡ ᠰᠡᠭᠦᠳᠡᠷᠯᠡᠬᠦ ᠤᠷ᠎ᠠ ᠮᠡᠷᠭᠡᠵᠢᠯ᠂ ᠸᠢᠳᠢᠤ᠋ ᠡᠰᠬᠡᠵᠦ ᠨᠠᠶᠢᠷᠠᠭᠤᠯᠬᠤ ᠪᠣᠯᠪᠠᠰᠤᠷᠠᠯ᠂ ᠰᠢᠭᠤᠳ ᠨᠡᠪᠲᠡᠷᠡᠭᠦᠯᠬᠦ ᠠᠭᠤᠯᠭ᠎ᠠ ᠶᠢ ᠲᠥᠰᠥᠪᠯᠡᠬᠦ ᠦᠢᠯᠡᠳᠦᠯᠭᠡ ᠵᠡᠷᠭᠡ ᠠᠭᠤᠯᠭ᠎ᠠ ᠶᠢᠨ ᠲᠣᠭᠤᠷᠢᠨ ᠳᠤ ᠶᠠᠪᠤᠭᠳᠠᠭᠰᠠᠨ ᠪᠠᠶᠢᠨ᠎ᠠ᠃     ᠪᠣᠯᠪᠠᠰᠤᠷᠠᠯ ᠳᠤ᠂ ᠲᠤᠰᠬᠠᠢ ᠮᠡᠷᠭᠡᠵᠢᠯ ᠤᠨ ᠪᠠᠭᠰᠢ ᠠᠴᠠ ᠭᠤᠣᠯ ᠰᠡᠳᠦᠪ ᠤᠨ ᠲᠤᠭᠤᠷᠢᠨ ᠳᠤ ᠠᠰᠠᠭᠤᠯᠲᠠ ᠬᠠᠷᠢᠭᠤᠯᠬᠤ᠂ ᠵᠠᠳᠠᠯᠤᠨ ᠲᠠᠶᠢᠯᠪᠤᠷᠢᠯᠠᠬᠤ ᠵᠡᠷᠭᠡ ᠬᠠᠷᠢᠯᠴᠠᠨ ᠰᠤᠷᠤᠯᠴᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠣᠷᠣᠭᠴᠢᠳ ᠤᠨ ᠰᠢᠭᠤᠳ ᠨᠡᠪᠲᠡᠷᠡᠭᠦᠯᠭᠡ ᠶᠢᠨ ᠦᠨᠳᠦᠰᠦᠨ ᠮᠡᠷᠭᠡᠵᠢᠯ ᠢ ᠪᠠᠬᠢᠵᠢᠭᠦᠯᠬᠦ ᠶᠢᠨ ᠬᠠᠮᠲᠤ᠂ ᠣᠨᠣᠯ ᠤᠨ ᠰᠤᠷᠤᠯᠴᠠᠯᠭ᠎ᠠ ᠪᠠᠨ ᠦᠢᠯᠡᠳᠦᠯᠭᠡ  ᠳᠤ ᠠᠰᠢᠭᠯᠠᠬᠤ ᠶᠢ ᠵᠢᠭᠠᠨ ᠵᠢᠯᠤᠭᠤᠳᠴᠤ᠂ ᠡᠯᠧᠺᠲᠷᠣᠨ ᠬᠤᠳᠠᠯᠳᠤᠭᠠᠨ ᠤ ᠰᠠᠭᠤᠷᠢ ᠮᠡᠳᠡᠯᠭᠡ ᠵᠢᠴᠢ ᠣᠬᠤᠷ ᠹᠢᠯᠢᠮ ᠰᠡᠭᠦᠳᠡᠷᠯᠡᠵᠦ ᠰᠢᠩᠭᠡᠭᠡᠬᠦ ᠠᠷᠭ᠎ᠠ ᠳᠡᠮ ᠢ ᠡᠵᠡᠮᠰᠢᠭᠦᠯᠦᠨ᠂ ᠰᠦᠯᠵᠢᠶᠡᠨ ᠤ ᠰᠢᠨ᠎ᠡ ᠮᠡᠳᠡᠯᠭᠡ ᠶᠢᠨ ᠨᠥᠭᠡᠴᠡ ᠶᠢ ᠥᠷᠭᠡᠳᠬᠡᠵᠦ᠂ ᠡᠯᠧᠺᠲᠷᠣᠨ ᠬᠤᠳᠠᠯᠳᠤᠭᠠᠨ ᠤ ᠦᠢᠯᠡᠰ ᠪᠤᠰᠬᠠᠬᠤ ᠬᠥᠭᠵᠢᠯᠲᠡ ᠶᠢᠨ ᠳᠠᠯᠳᠠ ᠬᠦᠴᠦᠨ ᠢ ᠬᠥᠭᠵᠢᠭᠡᠭᠰᠡᠨ ᠪᠠᠶᠢᠨ᠎ᠠ᠃     ᠲᠤᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠮᠠᠯᠵᠢᠬᠤ ᠣᠷᠣᠨ ᠤ ᠵᠠᠯᠠᠭᠤᠴᠤᠳ ᠲᠤ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠲᠠᠪᠴᠠᠩ ᠢ ᠦᠷᠭᠦᠯᠵᠢᠯᠡᠨ ᠪᠠᠶᠢᠭᠤᠯᠵᠤ᠂ ᠰᠢᠭᠤᠳ ᠨᠡᠪᠲᠡᠷᠡᠭᠦᠯᠭᠡ ᠶᠢᠨ ᠬᠤᠳᠠᠯᠳᠣᠭᠠᠨ ᠤ ᠲᠠᠸᠠᠷ ᠤᠨ ᠫᠠᠶᠢᠰᠠ ᠳᠡᠮᠳᠡᠭ ᠢ  ᠡᠭᠦᠳᠬᠦ ᠰᠣᠷᠣᠯᠴᠠᠯᠭ᠎ᠠ ᠶᠢᠨ ᠳᠠᠪᠴᠠᠩ ᠬᠠᠩᠭᠠᠵᠤ᠂ ᠮᠠᠯᠵᠢᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠲᠣᠭᠤᠷᠢᠨ ᠳᠤ ᠳᠠᠭᠠᠭᠤᠯᠬᠤ ᠴᠢᠨᠠᠷᠲᠠᠢ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠬᠥᠮᠥᠵᠢᠭᠦᠯᠵᠦ᠂ ᠨᠠᠩ ᠣᠯᠠᠨ ᠠᠵᠢᠯ ᠮᠡᠷᠭᠡᠵᠢᠯ ᠤᠨ ᠮᠠᠯᠴᠢᠳ ᠢ ᠳᠠᠶᠢᠴᠢᠯᠠᠨ ᠡᠯᠧᠺᠲᠷᠣᠨ ᠬᠤᠳᠠᠯᠳᠤᠭᠠᠨ ᠤ ᠦᠢᠯᠡᠰ ᠴᠣᠭᠴᠠᠯᠠᠬᠤ ᠠᠵᠢᠯᠯᠠᠭ᠎ᠠ ᠳᠤ ᠣᠷᠣᠯᠴᠠᠭᠤᠯᠵᠤ᠂ ᠣᠷᠣᠨ ᠨᠤᠲᠤᠭ ᠤᠨ ᠦᠢᠯᠡᠳᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠭᠦ ᠶᠢ ᠠᠬᠢᠭᠤᠯᠬᠤ ᠪᠣᠯᠣᠨ᠎ᠠ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号