ᠪᠠᠷᠠᠭᠤᠨ ᠦᠵᠦᠮᠦᠴᠢᠨ ᠬᠤᠰᠢᠭᠤᠨ ᠤ ᠡᠯᠡᠰᠦ ᠶᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/3/25
      ᠪᠠᠷᠠᠭᠤᠨ ᠦᠵᠦᠮᠦᠴᠢᠨ ᠬᠤᠰᠢᠭᠤ ᠨᠢ ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠣᠨᠣᠯᠵᠢᠬᠤᠨ ᠢ ᠴᠢᠷᠮᠠᠶᠢᠨ ᠦᠢᠯᠡᠳᠦᠯᠭᠡᠵᠢᠭᠦᠯᠵᠦ᠂ ᠪᠥᠬᠦ ᠣᠷᠣᠨ ᠤ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠶᠣᠰᠣᠭᠠᠷ ︽ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ︾ ᠳᠤ ᠦᠵᠦᠮᠦᠴᠢᠨ ᠡᠯᠡᠰᠦ ᠶᠢᠨ ᠵᠠᠰᠠᠯᠲᠠ ᠶᠢ ᠤᠷᠤᠭᠤᠯᠵᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ ᠪᠠᠶᠢᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠬᠠᠪᠴᠢᠭᠠᠶ ᠡᠯᠡᠰᠦ ᠶᠢ ᠵᠠᠰᠠᠬᠤ ᠣᠷᠣᠨ ᠤ ᠲᠠᠯᠠᠪᠠᠶ ᠨᠢ 3376 ᠾᠧᠺᠲ᠋ᠠᠷ ᠪᠠᠶᠢᠵᠤ᠂ ᠣᠶ ᠰᠢᠭᠤᠢ ᠶᠢᠨ ᠤᠷᠭᠤᠮᠠᠯ ᠤᠨ ᠬᠤᠴᠢᠯᠭ᠎ᠠ ᠨᠢ ᠬᠠᠶᠢᠯᠠᠰᠤ᠂ ᠰᠢᠷ᠎ᠠ ᠪᠤᠷᠭᠠᠰᠤ᠂ ᠵᠢᠵᠢᠭ ᠨᠠᠪᠴᠢᠲᠤ ᠬᠠᠷᠭᠠᠨ᠎ᠠ   ᠪᠠᠷ ᠭᠤᠣᠯᠯᠠᠵᠤ᠂ ᠣᠶ ᠰᠢᠭᠤᠢ ᠶᠢᠨ ᠶᠡᠷᠦᠩᠬᠡᠢ ᠬᠠᠳᠠᠭᠠᠯᠠᠭᠳᠠᠴᠠ ᠶᠢᠨ ᠬᠡᠮᠵᠢᠶ᠎ᠡ ᠨᠢ 0.9 ᠲᠦᠮᠡᠨ ᠪᠣᠰᠤᠭ᠎ᠠ ᠳᠥᠷᠪᠡᠯᠵᠢᠨ ᠮᠧᠲᠷ᠂ ᠣᠶ ᠰᠢᠭᠤᠢ ᠶᠢᠨ ᠪᠦᠷᠬᠦᠴᠡ ᠨᠢ 68% ᠪᠠᠶᠢᠵᠤ ᠲᠤᠰ ᠬᠤᠰᠢᠭᠤᠨ ᠤ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠴᠢᠬᠤᠯᠠ ᠠᠮᠢ ᠠᠬᠤᠢ ᠶᠢᠨ ᠬᠠᠯᠬᠠᠪᠴᠢ ᠬᠡᠰᠡᠭ ᠪᠣᠯᠣᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢᠨ ᠡᠭᠦᠷᠭᠡ ᠨᠡᠶᠢᠲᠡ 23.89 ᠲᠦᠮᠡᠨ ᠮᠦ ᠪᠠᠶᠢᠵᠤ᠂ ᠪᠥᠬᠦ ᠬᠤᠰᠢᠭᠤᠨ ᠤ 7 ᠰᠤᠮᠤ ᠪᠠᠯᠭᠠᠰᠤ ᠶᠢᠨ 51 ᠭᠠᠴᠠᠭ᠎ᠠ᠂ 1171 ᠡᠷᠦᠬᠡ ᠳᠤ ᠬᠤᠯᠪᠤᠠᠠᠳᠠᠵᠦ᠂ ᠦᠵᠦᠮᠦᠴᠢᠨ ᠡᠯᠡᠰᠦ ᠶᠢ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ  ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ᠂ ᠠᠭᠤᠯᠠ ᠶᠢ ᠪᠢᠲᠡᠭᠦᠮᠵᠢᠯᠡᠨ ᠡᠪᠡᠰᠦ ᠮᠣᠳᠣ ᠲᠠᠷᠢᠬᠤ᠂ ᠬᠥᠮᠥᠨ ᠤ ᠬᠦᠴᠦ ᠪᠠᠷ ᠤᠶᠢᠵᠢᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ 2030 ᠣᠨ ᠳᠤ ᠠᠵᠢᠯ ᠡᠭᠦᠷᠭᠡ  ᠪᠠᠨ ᠪᠥᠬᠦ ᠲᠠᠯ᠎ᠠ ᠪᠠᠷ ᠪᠡᠶᠡᠯᠡᠭᠦᠯᠬᠦ ᠪᠠᠷ ᠪᠠᠶᠢᠨ᠎ᠠ᠃      ᠣᠶᠢᠷ᠎ᠠ ᠶᠢᠨ ᠵᠢᠯ ᠤᠳ ᠲᠤ᠂ ᠪᠠᠷᠠᠭᠤᠨ ᠦᠵᠦᠮᠦᠴᠢᠨ ᠬᠤᠰᠢᠭᠤ ᠨᠢ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠦᠷᠭᠦᠯᠵᠢᠯᠡᠨ ᠠᠬᠢᠭᠤᠯᠵᠤ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠪᠠ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠢ ᠶᠢ ᠬᠠᠮᠠᠭᠠᠯᠠᠬᠤ ᠴᠢᠬᠤᠯᠠ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠳᠤ ᠲᠦᠰᠢᠭᠯᠡᠨ 2000 ᠣᠨ ᠠᠴᠠ ᠨᠠᠰᠢ᠂ ︽ᠵᠣᠬᠢᠰᠲᠠᠢ ᠲᠥᠯᠥᠪᠵᠢᠭᠦᠯᠵᠦ᠂ ᠲᠥᠪᠯᠡᠷᠡᠭᠦᠯᠦᠨ ᠵᠠᠯᠭᠠᠯᠳᠤᠭᠤᠯᠵᠤ᠂ ᠬᠢᠯᠪᠠᠷ ᠠᠴᠠ ᠬᠦᠴᠢᠷ ᠲᠡᠰᠢ ᠵᠠᠰᠠᠬᠤ︾ ᠵᠠᠰᠠᠯᠲᠠ ᠶᠢᠨ ᠵᠠᠷᠴᠢᠮ ᠢᠶᠠᠷ ᠨᠢᠰᠬᠡᠯ ᠢᠶᠠᠷ ᠲᠠᠷᠢᠬᠤ᠂ ᠪᠢᠲᠡᠭᠦᠮᠵᠢᠯᠡᠬᠦ᠂ ᠣᠶᠢᠵᠢᠭᠤᠯᠬᠤ ᠶᠢ ᠤᠶᠠᠯᠳᠤᠭᠤᠯᠬᠤ ᠠᠷᠭ᠎ᠠ ᠪᠠᠷ ᠦᠵᠦᠮᠦᠴᠢᠨ ᠤ ᠡᠯᠡᠰᠦᠷᠬᠡᠭ ᠭᠠᠵᠠᠷ ᠤᠨ ᠣᠷᠣᠨ ᠪᠦᠰᠡ ᠳᠤ ᠨᠡᠶᠢᠲᠡ 165.05 ᠲᠦᠮᠡᠨ ᠮᠦ ᠡᠯᠡᠰᠦᠷᠬᠡᠭ ᠭᠠᠵᠠᠷ ᠢ ᠵᠠᠰᠠᠨ ᠡᠯᠡᠰᠦᠷᠬᠡᠭ ᠭᠠᠵᠠᠷ ᠤᠨ ᠤᠷᠭᠤᠮᠠᠯ ᠬᠤᠴᠢᠯᠭ᠎ᠠ ᠶᠢᠨ ᠪᠦᠷᠬᠦᠴᠡ ᠢᠯᠡᠳᠳᠡ ᠰᠠᠶᠢᠵᠢᠷᠠᠭᠰᠠᠨ ᠪᠠᠶᠢᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠪᠠᠭᠠᠨ᠎ᠠ᠄ ︽ᠮᠠᠨ ᠤ ᠬᠤᠰᠢᠭᠤ ᠨᠢ ᠡᠯᠡᠰᠦ ᠶᠢ ᠰᠡᠷᠭᠡᠶᠢᠯᠡᠵᠦ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ᠂ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠢ ᠶᠢ ᠬᠠᠮᠠᠭᠠᠯᠠᠬᠤ ᠵᠡᠷᠭᠡ ᠴᠢᠬᠤᠯᠠ ᠶᠡᠭᠡ ᠠᠮᠢ ᠠᠬᠤᠢ ᠶᠢ ᠰᠡᠷᠭᠦᠭᠡᠬᠦ ᠢᠨᠵᠧᠨᠧᠷᠢᠩ ᠳᠤ ᠲᠦᠰᠢᠭᠯᠡᠨ ᠨᠠᠶᠢᠳᠠ 165.05 ᠲᠦᠮᠡᠨ ᠮᠦ ᠡᠯᠡᠰᠦᠷᠬᠡᠭ ᠭᠠᠵᠠᠷ ᠢ ᠵᠠᠰᠠᠪᠠ᠃ 2023 ᠣᠨ ᠳᠤ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ ᠪᠥᠬᠦ ᠣᠷᠣᠨ ᠪᠦᠰᠡ ᠶᠢᠨ ᠲᠠᠯᠠᠪᠠᠶ ᠶᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠳᠤ ᠤᠷᠤᠭᠤᠯᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠣᠶᠢᠷ᠎ᠠ ᠤᠷᠳᠤ ᠬᠤᠭᠤᠴᠠᠭᠠᠨ ᠤ ᠲᠥᠯᠦᠪᠵᠢᠭᠦᠯᠭᠡ ᠶᠢ ᠲᠤᠭᠳᠠᠭᠠᠪᠠ᠃ ᠥᠪᠥᠷ ᠮᠣᠩᠭᠤᠯ ᠤᠨ ᠵᠢᠷᠭᠤᠳᠤᠭᠠᠷ ᠤᠳᠠᠭᠠᠨ ᠤ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ ᠪᠥᠬᠦ ᠬᠤᠰᠢᠭᠤᠨ ᠤ ᠡᠯᠡᠰᠦᠷᠬᠡᠭᠵᠢᠭᠰᠡᠨ ᠭᠠᠵᠠᠷ ᠤᠨ ᠶᠡᠷᠦᠩᠬᠡᠢ ᠲᠠᠯᠠᠪᠠᠶ 338.06 ᠲᠦᠮᠡᠨ ᠮᠦ ᠪᠠᠶᠢᠵᠤ᠂ ᠲᠣᠭᠲᠠᠭᠰᠠᠨ ᠲᠥᠯᠦᠪᠵᠢᠭᠦᠯᠭᠡ ᠶᠣᠰᠣᠭᠠᠷ ᠬᠤᠭᠤᠴᠠᠭ᠎ᠠ ᠬᠤᠪᠢᠶᠠᠨ ᠪᠡᠶᠡᠯᠡᠭᠦᠯᠦᠨ᠎ᠡ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号