ᠵᠢᠷ ᠤᠨ ᠭᠤᠤᠯ ᠪᠠᠯᠭᠠᠰᠤ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠴᠠᠭᠠᠯᠲᠠ ᠶᠢᠨ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2024/3/25
    ᠳᠤᠷ᠎ᠠ ᠪᠠᠷ ᠢᠶᠠᠨ ᠪᠠᠷᠢᠵᠤ ᠪᠤᠰᠬᠠᠭᠰᠠᠨ ᠲᠤᠭᠳᠠᠭᠠᠯ ᠢ ᠵᠥᠷᠢᠴᠡᠭᠰᠡᠨ ᠪᠠᠷᠢᠯᠭ᠎ᠠ ᠵᠢᠴᠢ ᠬᠠᠤᠯᠢ ᠶᠢ ᠵᠦᠷᠢᠴᠡᠨ ᠭᠠᠵᠠᠷ ᠡᠵᠡᠯᠡᠬᠦ ᠵᠡᠷᠬᠡ ᠦᠶᠯᠡ ᠠᠵᠢᠯᠯᠠᠭ᠎ᠠ ᠶᠢ ᠴᠢᠨᠠᠭᠰᠢᠳᠠ ᠬᠤᠷᠢᠭᠯᠠᠵᠤ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠤᠨ᠂ ᠬᠤᠲᠠ ᠪᠠᠯᠭᠠᠰᠤ ᠶᠢᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠣᠶᠢᠷ᠎ᠠ ᠳᠤ᠂ ᠵᠢᠷ ᠤᠨ ᠭᠤᠤᠯ  ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠵᠤ ᠴᠡᠭᠴᠡᠯᠡᠨ ᠵᠠᠰᠠᠬᠤ ᠪᠠ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃     ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠵᠤ ᠴᠡᠭᠴᠡᠯᠡᠨ ᠵᠠᠰᠠᠬᠤ ᠠᠵᠢᠯᠯᠠᠭᠠᠨ ᠤ ᠳᠤᠮᠳᠠ᠂ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ︽ᠡᠴᠤᠰ ᠳᠤᠨᠢ ᠲᠤᠯᠳᠠᠯ᠎ᠠ ᠪᠠᠷᠢᠮᠵᠢᠶ᠎ᠠ ᠪᠠᠷ ᠱᠠᠭᠠᠷᠳᠠᠬᠤ︾ ᠵᠠᠷᠴᠢᠮ ᠢ ᠪᠠᠷᠢᠮᠲᠠᠯᠠᠨ᠂ ᠬᠡᠨ ᠪᠠᠶᠢᠭᠰᠠᠨ ᠴᠦ ᠬᠠᠮᠢᠶ᠎ᠠ ᠦᠬᠡᠢ ᠴᠦᠮ ︽ᠤᠯᠠᠭᠠᠨ ᠱᠤᠭᠤᠮ︾ ᠤᠨ ᠲᠤᠳᠤᠷ᠎ᠡ ᠭᠢᠰᠬᠢᠳᠡᠭ ᠯᠡ ᠶᠤᠮ ᠪᠣᠯ ᠲᠡᠷᠦᠢ ᠡᠷᠡᠰ ᠴᠢᠩᠭ᠎ᠠ ᠪᠠᠷ ᠴᠡᠭᠴᠡᠯᠡᠨ ᠵᠠᠰᠠᠵᠤ᠂ ᠬᠡᠷᠬᠢᠪᠡᠴᠦ ᠨᠠᠶᠢᠷ ᠲᠠᠯᠪᠢᠬᠤ ᠦᠭᠡᠢ ᠪᠠᠶᠢᠵᠤ᠂ ᠳᠦᠷᠢᠮ ᠠᠴᠠ ᠵᠥᠷᠢᠴᠡᠭᠰᠡᠨ ᠪᠠᠷᠢᠯᠭ᠎ᠠ ᠪᠠ ᠳᠤᠷ᠎ᠠ ᠪᠠᠷ ᠢᠶᠠᠨ ᠪᠠᠷᠢᠵᠦ ᠪᠤᠰᠬᠠᠭᠰᠠᠨ ᠪᠠᠷᠢᠯᠭ᠎ᠠ  ᠶᠢ ᠨᠤᠷᠠᠭᠠᠵᠤ ᠠᠷᠢᠯᠭᠠᠬᠤ   ᠶᠢᠨ ᠵᠡᠷᠭᠡ ᠪᠠᠷ ᠲᠤᠬᠠᠢ ᠶᠢᠨ ᠲᠠᠯᠠᠪᠤᠷ ᠤᠨ ᠰᠡᠷᠡᠮᠵᠢᠯᠡᠯᠳᠡ ᠰᠡᠷᠬᠡᠶᠢᠯᠡᠯᠳᠡ ᠶᠢᠨ ᠠᠵᠢᠯ ᠢ ᠰᠠᠶᠢᠲᠤᠷ ᠬᠢᠵᠦ᠂ ᠨᠤᠷᠠᠭᠠᠵᠤ ᠠᠷᠢᠯᠭᠠᠬᠤ ᠠᠵᠢᠯ ᠤᠨ ᠡᠮᠬᠢ ᠵᠢᠷᠤᠮ  ᠲᠠᠢ ᠶᠠᠪᠤᠭᠳᠠᠬᠤ ᠶᠢ ᠪᠠᠲᠤᠯᠠᠬᠰᠠᠨ ᠪᠠᠶᠢᠨ᠎ᠠ᠃ ᠲᠣᠰ ᠤᠳᠠᠭᠠᠨ ᠤ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠵᠤ ᠠᠷᠢᠯᠭᠠᠬᠤ ᠠᠵᠢᠯᠯᠠᠭ᠎ᠠ ᠨᠢ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ᠂ ᠬᠠᠤᠯᠢ ᠠᠴᠠ ᠵᠥᠷᠢᠴᠡᠨ ᠭᠡᠷ ᠪᠠᠶᠢᠰᠢᠩ ᠪᠠᠷᠢᠭᠰᠠᠨ ᠵᠡᠷᠬᠡ ᠤᠶᠢᠯᠡ ᠠᠵᠢᠯᠯᠠᠭ᠎ᠠ ᠳᠤ ᠤᠯᠠᠮ ᠨᠢᠭᠡ ᠠᠯᠬᠤᠮ ᠴᠣᠬᠢᠯᠲᠠ ᠦᠭᠬᠦ ᠶᠢᠨ ᠬᠠᠮᠲᠤ ᠪᠠᠰᠠ ᠲᠡᠳᠡᠭᠡᠷ ᠬᠦᠮᠦᠰ ᠢ ᠰᠡᠷᠡᠮᠵᠢᠯᠡᠭᠦᠯᠦᠨ ᠬᠥᠮᠥᠵᠢᠭᠦᠯᠬᠦ ᠦᠢᠯᠡᠳᠦᠯ ᠭᠠᠷᠭᠠᠭᠰᠠᠨ ᠪᠠᠶᠢᠨ᠎ᠠ᠃       ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠲᠤᠬᠠᠢ ᠳᠡᠭᠡᠳᠦ ᠱᠠᠲᠤᠨ ᠤ ᠵᠢᠭᠠᠪᠤᠷᠢ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠪᠠᠯᠭᠠᠰᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠤᠯᠠᠮ ᠴᠢᠨᠠᠭᠰᠢᠳᠠ ᠰᠠᠶᠢᠵᠢᠷᠠᠭᠤᠯᠤᠨ᠂ ᠪᠥᠬᠦ ᠪᠠᠯᠭᠠᠰᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠤᠨ ᠦᠷ᠎ᠡ ᠪᠦᠲᠦᠮᠵᠢ ᠪᠠᠨ ᠪᠠᠬᠢᠵᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠳᠠᠬᠢᠨ ᠰᠢᠯᠭᠠᠨ ᠬᠢᠨᠠᠬᠤ ᠠᠵᠢᠯ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠬᠦ ᠶᠢᠨ ᠲᠥᠯᠥᠭᠡ᠂ ᠦᠢᠷ᠎ᠠ ᠶᠢᠨ ᠡᠳᠦᠷ᠂ ᠵᠢᠷ ᠤᠨ ᠭᠤᠤᠯ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠰᠠᠭᠤᠭ᠎ᠠ ᠭᠠᠵᠠᠷ ᠤᠨ ᠢᠶᠠᠨ ᠣᠷᠴᠢᠨ ᠲᠣᠭᠤᠷᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠵᠠᠢ᠃     ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠳ ︽ᠬᠤᠲᠠ ᠶᠢᠨ ᠦᠩᠬᠡ ᠦᠵᠡᠮᠵᠢ ᠬᠢᠬᠡᠳ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ︾ ᠤᠨ ᠬᠠᠮᠢᠶ᠎ᠠ ᠪᠦᠬᠦᠢ ᠠᠭᠤᠯᠭ᠎ᠠ ᠶᠢ ᠶᠡᠭᠡ ᠪᠠᠷ ᠤᠬᠠᠭᠤᠯᠵᠤ᠂ ᠪᠠᠯᠭᠠᠰᠤ ᠶᠢᠨ ᠰᠠᠭᠤᠭ᠎ᠠ ᠭᠠᠵᠠᠷ ᠤᠨ ᠢᠶᠠᠨ ᠭᠤᠣᠯ ᠵᠠᠮ ᠵᠡᠭᠡᠯᠢ ᠳᠠᠭᠠᠤ ᠶᠢᠨ ᠬᠤᠳᠠᠯᠳᠤᠭ᠎ᠠ ᠠᠷᠡᠯᠵᠢᠶᠡᠨ ᠤ ᠲᠠᠯᠠᠪᠤᠷ ᠢ ᠨᠢᠭᠡᠳ ᠨᠢᠭᠡ ᠪᠠᠷ ᠰᠤᠷᠪᠤᠯᠵᠢᠯᠠᠵᠤ᠂ ᠲᠡᠳᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ︽ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠳᠠ︾ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠵᠠᠮ ᠵᠡᠭᠡᠯᠢ ᠳᠠᠭᠠᠤ ᠶᠢᠨ ᠬᠤᠳᠠᠯᠳᠤᠭ᠎ᠠ ᠠᠷᠠᠯᠵᠢᠶᠠᠨ ᠤ ᠡᠭᠦᠳᠡᠨ ᠡᠮᠦᠨᠡᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠶᠢ ᠬᠠᠤᠯᠢ ᠶᠣᠰᠣᠭᠠᠷ ᠲᠣᠳᠣᠷᠬᠠᠶᠢᠯᠠᠵᠤ᠂ ᠡᠭᠦᠳᠡᠨ ᠡᠮᠦᠨᠡᠬᠢ ᠬᠠᠷᠢᠭᠤᠴᠠᠯᠭ᠎ᠠ ᠶᠢᠨ ᠤᠷᠤᠨ ᠤ ︽ᠡᠮᠬᠢ ᠳᠢᠭᠯᠢᠮ ᠢ ᠳᠠᠭᠠᠭᠠᠴᠢᠯᠠᠬᠤ᠂ ᠠᠷᠢᠭᠤᠨ ᠴᠡᠪᠡᠷ ᠢ ᠳᠠᠭᠠᠭᠠᠴᠢᠯᠠᠬᠤ᠂ ᠦᠩᠬᠡ ᠵᠢᠰᠦ ᠶᠢ ᠳᠠᠭᠠᠭᠠᠴᠢᠯᠠᠬᠤ︾ ᠭᠤᠷᠪᠠ ᠶᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠬᠠᠮᠢᠶᠠᠷᠤᠯᠲᠠ ᠶᠢᠨ ᠪᠣᠳᠠᠲᠤ ᠠᠭᠤᠯᠭ᠎ᠠ ᠪᠠ ᠪᠠᠷᠢᠮᠵᠢᠶ᠎ᠠ ᠶᠢ ᠲᠣᠳᠣᠷᠬᠠᠶᠢᠯᠠᠬᠰᠠᠨ ᠪᠠᠶᠢᠨ᠎ᠠ᠃ ᠡᠭᠦᠨ ᠤ ᠬᠠᠮᠲᠤ᠂ ᠠᠵᠢᠯ ᠤᠨ ᠶᠠᠪᠤᠴᠠ ᠳᠠᠭᠠᠨ ᠬᠠᠷᠢᠶᠠᠯᠠᠭᠳᠠᠬᠤ ᠣᠷᠣᠨ ᠤ ᠥᠷᠭᠡᠨ ᠣᠯᠠᠨ ᠲᠦᠮᠡᠨ ᠪᠤᠯᠤᠨ ᠬᠤᠳᠠᠯᠳᠤᠭᠠᠨ ᠤ ᠡᠷᠦᠬᠡ ᠨᠦᠭᠦᠳ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠠᠵᠢᠯ ᠤᠨ ᠲᠤᠬᠠᠢ ᠰᠠᠨᠠᠯ ᠪᠤᠯᠤᠨ ᠰᠠᠨᠠᠭᠤᠯᠭ᠎ᠠ ᠶᠢ ᠰᠣᠨᠣᠰᠴᠤ᠂ ᠬᠠᠯᠠᠭᠤᠷᠡᠯ ᠲᠠᠢ ᠪᠠ ᠲᠣᠪᠣᠶᠢᠮ᠎ᠠ ᠠᠰᠠᠭᠤᠳᠠᠯ ᠤᠨ ᠲᠤᠬᠠᠢ ᠣᠯᠠᠨ ᠲᠦᠮᠡᠨ ᠤ ᠰᠠᠨᠠᠯ ᠪᠤᠯᠤᠨ ᠬᠦᠰᠡᠯ ᠱᠠᠭᠠᠷᠳᠠᠯᠭ᠎ᠠ ᠶᠢ ᠣᠶᠢᠯᠠᠭᠠᠨ᠂ ᠬᠠᠷᠢᠶᠠᠯᠠᠭᠳᠠᠬᠤ ᠣᠷᠣᠨ ᠤ ᠣᠯᠠᠨ ᠲᠦᠮᠡᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠳᠤ ᠣᠷᠣᠯᠴᠠᠬᠤ ᠢᠳᠡᠪᠬᠢᠵᠢᠯ ᠪᠤᠯᠤᠨ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠵᠦ᠂ ᠪᠥᠬᠦ ᠠᠷᠠᠳ ᠢᠶᠠᠷ ᠢᠶᠠᠨ ᠣᠷᠣᠯᠴᠠᠬᠰᠠᠨ᠂ ᠡᠷᠡᠬᠦᠯ ᠢᠶᠠᠷ ᠤᠶᠢᠯᠡᠳᠦᠯᠴᠡᠭᠰᠡᠨ᠂ ᠣᠯᠠᠨ ᠤ ᠤᠬᠠᠭᠠᠨ ᠬᠠᠮᠲᠤ ᠶᠢᠨ ᠬᠦᠴᠦᠨ  ᠢᠶᠠᠨ ᠪᠠᠳᠠᠷᠠᠭᠤᠯᠤᠠᠠᠰᠠᠨ᠂ ᠬᠠᠮᠲᠤᠪᠠᠷ ᠲᠦᠯᠬᠢᠨ ᠠᠬᠢᠭᠤᠯᠤᠠᠠᠰᠠᠨ ᠤᠬᠢ ᠰᠠᠶᠢᠨ ᠠᠵᠢᠯ ᠤᠨ ᠠᠭᠤᠷ ᠠᠮᠢᠰᠬᠤᠯ ᠢ ᠪᠣᠶ ᠪᠤᠯᠭᠠᠭᠰᠠᠨ ᠪᠠᠶᠢᠨ᠎ᠠ᠃     ᠳᠠᠷᠠᠭᠠᠴᠢ ᠶᠢᠨ ᠠᠯᠬᠤᠮ ᠳᠤ᠂ ᠵᠢᠷ ᠤᠨ ᠭᠤᠤᠯ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠲᠣᠭᠲᠠᠭᠠᠯ ᠠᠴᠠ ᠵᠥᠷᠢᠴᠡᠨ ᠪᠠᠷᠢᠵᠦ ᠪᠤᠰᠬᠠᠬᠤ ᠤᠶᠢᠯᠡ ᠠᠵᠢᠯᠯᠠᠭ᠎ᠠ ᠶᠢ ᠨᠠᠷᠢᠨ ᠨᠢᠮᠪᠠᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠲᠤᠭᠳᠠᠭᠠᠯ ᠠᠴᠠ ᠵᠦᠷᠢᠴᠡᠪᠡᠯ ᠡᠷᠭᠡᠪᠰᠢ ᠨᠤᠷᠠᠭᠠᠬᠤ︾ ᠶᠢ ᠡᠷᠡᠰ ᠪᠡᠶᠡᠯᠡᠭᠦᠯᠬᠦ ᠶᠢᠨ ᠬᠠᠮᠲᠤ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠦ᠂ ᠥᠷᠭᠡᠨ ᠤᠯᠠᠨ ᠺᠠᠳ᠋ᠷ ᠤᠯᠠᠨ ᠲᠦᠮᠡᠨ ᠲᠠᠢ ᠭᠠᠷ ᠬᠤᠯᠪᠣᠯᠴᠠᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠣᠷᠴᠢᠨ ᠲᠣᠭᠤᠷᠢᠨ ᠢ ᠪᠤᠢ ᠪᠣᠯᠭᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号