ᠮᠡᠷᠭᠡᠨ ᠪᠥᠬᠦ ᠤᠯᠤᠰ ᠤᠨ ︽ᠲᠡᠷᠢᠭᠦᠨ ᠤ ᠬᠤᠪᠢ ᠬᠥᠮᠥᠨ︾ ᠤ ᠴᠣᠯᠠ ᠭᠥᠷᠳᠡᠪᠡ
ᠨᠡᠶᠢᠲᠡᠯᠡᠭᠰᠡᠨ ᠴᠠᠭ᠄
2024/3/25
     ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ  ᠶᠢᠨ ᠨᠡᠶᠢᠳᠡᠮ ᠪᠠᠶᠢᠴᠠᠭᠠᠯᠲᠠ ᠶᠢᠨ ᠡᠮᠦᠨ᠎ᠡ ᠹᠷᠣᠨᠲ ᠲᠤ ᠡᠶᠢᠮᠦ ᠨᠢᠭᠡᠨ ︽ᠪᠠᠶᠢᠴᠠᠭᠠᠭᠴᠢ︾ ᠠᠵᠢᠯᠯᠠᠵᠤ ᠪᠠᠶᠢᠳᠠᠭ᠃ ᠨᠡᠶᠢᠳᠡᠮ ᠪᠠᠶᠢᠴᠠᠭᠠᠯᠲᠠ ᠶᠢᠨ ᠪᠦᠯᠬᠦᠮ ᠳᠡᠭᠡᠨ ︽ᠵᠢᠭᠠᠨ ᠵᠢᠯᠣᠭᠤᠳᠤᠭᠴᠢ︾ ︽ᠤᠬᠠᠭᠤᠯᠤᠭᠴᠢ︾ ᠪᠣᠯᠬᠤ ᠪᠠᠷ ᠪᠠᠷᠠᠬᠤ ᠦᠭᠡᠢ ᠪᠠᠰᠠ ᠴᠤ ᠨᠢᠭᠡᠳᠦᠭᠡᠷ ᠹᠷᠣᠨᠲ ᠤᠨ ︽ᠪᠠᠶᠢᠯᠳᠤᠭᠴᠢ︾ ᠪᠣᠯᠣᠨ᠎ᠠ᠂ ᠲᠡᠷᠡ ᠪᠣᠯ ᠳᠠᠷᠤᠢ ᠪᠠᠷᠠᠭᠤᠨ ᠦᠵᠦᠮᠦᠴᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠲᠠᠯᠪᠢᠬᠤ ᠲᠠᠰᠤᠭ ᠤᠨ ᠳᠠᠷᠤᠭ᠎ᠠ ᠮᠡᠷᠭᠡᠨ ᠪᠣᠯᠣᠨ᠎ᠠ᠃     ᠣᠶᠢᠷ᠎ᠠ ᠳᠤ᠂ ᠮᠡᠷᠭᠡᠨ ᠨᠥᠬᠦᠷ ︽ᠠᠩᠬᠠᠳᠤᠭᠠᠷ ᠤᠳᠠᠭᠠᠨ ᠤ ᠪᠥᠬᠦ ᠤᠯᠤᠰ ᠤᠨ ᠪᠠᠶᠢᠭᠠᠯᠢ ᠶᠢᠨ ᠭᠠᠢ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠲᠡᠷᠢᠭᠦᠨ ᠤ ᠬᠤᠪᠢ ᠬᠥᠮᠥᠨ︾ ᠭᠡᠬᠦ ᠴᠣᠯᠠ ᠭᠥᠷᠳᠡᠪᠡ᠃     ᠪᠥᠬᠦ ᠤᠯᠤᠰ ᠤᠨ ᠪᠠᠶᠢᠭᠠᠯᠢ ᠶᠢᠨ ᠭᠠᠢ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠨᠢᠭᠡ ᠵᠦᠢᠯ ᠤᠨ ᠴᠢᠬᠤᠯᠠ ᠶᠡᠭᠡ ᠪᠠᠶᠢᠴᠠᠭᠠᠯᠲᠠ ᠪᠠᠶᠢᠵᠤ᠂ ᠪᠠᠶᠢᠭᠠᠯᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠰᠠᠭᠤᠷᠢ ᠴᠢᠨᠠᠷᠲᠠᠢ ᠠᠵᠢᠯ ᠮᠥᠨ᠃ 2020 ᠣᠨ ᠳᠤ ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠡᠬᠢᠯᠡᠭᠦᠯᠦᠭᠰᠡᠨ ᠠᠴᠠ   ᠨᠠᠰᠢ᠂ ᠮᠡᠷᠭᠡᠨ ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠳᠤᠭᠤᠶᠢᠯᠠᠩ ᠤᠨ ᠭᠤᠣᠯ ᠭᠡᠰᠢᠭᠦᠨ ᠪᠣᠯᠤᠭᠰᠠᠨ ᠤ ᠬᠤᠪᠢ ᠳᠤ᠂ ᠰᠢᠷᠭᠠᠭᠤ ᠬᠠᠲᠠᠭᠤᠵᠢᠯᠲᠠᠢ ᠰᠤᠳᠤᠯᠤᠨ᠂ ᠦᠢᠯᠡᠳᠦᠯᠭᠡ ᠳᠤ ᠣᠷᠣᠯᠴᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠴᠢᠩᠭ᠎ᠠ ᠠᠳᠬᠤᠨ᠂ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠯᠠᠪᠳᠠᠭᠤᠨ ᠪᠠᠲᠤᠲᠠᠢ ᠶᠠᠪᠤᠭᠳᠠᠬᠤ ᠶᠢ ᠪᠠᠲᠤᠯᠠᠭᠰᠠᠭᠠᠷ ᠢᠷᠡᠵᠠᠢ᠃     ᠮᠡᠷᠭᠡᠨ ᠭᠤᠣᠯᠳᠠᠭᠤ ᠨᠡᠶᠢᠳᠡᠮ ᠪᠠᠶᠢᠴᠠᠭᠠᠯᠲᠠ ᠶᠢᠨ ᠠᠵᠢᠯ ᠳᠠᠬᠢ ᠭᠡᠷ ᠪᠠᠶᠢᠰᠢᠩ᠂ ᠬᠤᠳᠠ ᠶᠢᠨ ᠶᠠᠪᠤᠳᠠᠯ ᠤᠨ ᠳᠠᠭᠠᠭᠠᠴᠠ ᠶᠢᠨ ᠪᠣᠳᠠᠲᠤ ᠴᠣᠭᠴᠠ ᠶᠢᠨ ᠨᠡᠶᠢᠳᠡᠮ ᠪᠠᠶᠢᠴᠠᠭᠠᠯᠲᠠ᠂ ᠠᠵᠢᠯᠲᠠᠨ ᠤ ᠪᠣᠯᠪᠠᠰᠤᠷᠠᠯ᠂ ᠰᠢᠰᠲ᠋ᠧᠮ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠵᠢᠴᠢ ᠨᠡᠶᠢᠳᠡᠮ ᠪᠠᠶᠢᠴᠠᠭᠠᠯᠲᠠ ᠶᠢᠨ ᠲᠣᠬᠢᠷᠠᠭᠤᠯᠬᠤ ᠠᠵᠢᠯ ᠪᠣᠯᠣᠨ ᠤᠬᠠᠭᠤᠯᠬᠤ ᠠᠵᠢᠯ ᠢ ᠡᠭᠦᠷᠭᠡᠯᠡᠳᠡᠭ᠃     ᠣᠶᠢᠷ᠎ᠠ ᠶᠢᠨ ᠭᠤᠷᠪᠠᠨ ᠵᠢᠯ ᠳᠤ᠂ ᠮᠡᠷᠭᠡᠨ ᠬᠠᠮᠢᠶ᠎ᠠ ᠪᠦᠬᠦᠢ ᠮᠡᠷᠭᠡᠵᠢᠯ ᠤᠨ ᠪᠦᠯᠬᠦᠮ ᠢ ᠳᠠᠭᠠᠭᠤᠯᠤᠨ ᠨᠡᠶᠢᠳᠡᠮ ᠪᠠᠶᠢᠴᠠᠭᠠᠯᠲᠠ ᠶᠢᠨ ᠡᠮᠦᠨ᠎ᠡ ᠹᠷᠣᠨᠲ ᠲᠤ ᠰᠢᠷᠭᠠᠭᠤ ᠠᠵᠢᠯᠯᠠᠵᠤ᠂ ᠬᠠᠮᠲᠤ ᠠᠵᠢᠯᠯᠠᠭᠰᠠᠳ ᠲᠠᠢ ᠪᠠᠨ ᠦᠷᠭᠦᠯᠵᠢ ᠮᠠᠯᠵᠢᠬᠤ ᠣᠷᠣᠨ ᠳᠤ ᠭᠦᠨᠵᠡᠭᠡᠶᠢᠷᠡᠨ᠂ ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠬᠤᠭᠤᠴᠠᠭᠠᠨ ᠳᠤ ᠠᠮᠠᠷᠠᠯ ᠦᠭᠡᠢ ᠪᠠᠷ ᠰᠦᠯᠵᠢᠶᠡᠨ ᠪᠦᠷᠬᠦᠴᠡ ᠦᠭᠡᠢ ᠮᠠᠯᠵᠢᠬᠤ ᠣᠷᠣᠨ ᠳᠤ ᠬᠦᠷᠴᠦ ᠠᠵᠢᠯ ᠢᠶᠠᠨ ᠥᠷᠨᠢᠭᠦᠯᠵᠦ᠂ ᠵᠠᠮ ᠬᠠᠷᠢᠯᠴᠠᠭ᠎ᠠ ᠳᠦᠭᠦᠮ ᠦᠭᠡᠢ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠨᠡᠯᠢᠶᠡᠳ ᠶᠡᠭᠡ᠂ ᠡᠯᠡᠰᠦᠨ ᠰᠢᠭᠤᠷᠭ᠎ᠠ ᠵᠡᠷᠭᠡ ᠴᠠᠭ ᠠᠭᠤᠷ ᠪᠣᠯᠣᠨ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂  ᠮᠠᠰᠢᠨ ᠲᠡᠷᠭᠡ ᠪᠠᠷ ᠢᠶᠠᠨ ᠭᠡᠷ ᠬᠢᠵᠦ᠂ 5 ᠡᠳᠦᠷ ᠳᠠᠷᠠᠭᠠᠯᠠᠨ ᠲᠡᠷᠭᠡᠨ ᠳᠡᠭᠡᠨ ᠢᠳᠡᠵᠦ ᠤᠤᠭᠤᠨ ᠬᠤᠨᠣᠵᠤ ᠦᠨᠵᠢᠨ ᠠᠵᠢᠯᠯᠠᠭᠰᠠᠨ ᠤᠳᠠᠭ᠎ᠠ ᠴᠤ ᠪᠣᠢ᠃ 272 ᠭᠡᠷ ᠪᠠᠶᠢᠰᠢᠩ  ᠤᠨ ᠵᠢᠷᠤᠭ ᠮᠠᠲ᠋ᠧᠷᠢᠶᠠᠯ ᠢ ᠭᠠᠷ ᠢᠶᠠᠷ ᠵᠢᠷᠤᠭᠴᠢᠯᠠᠬᠤ ᠬᠡᠯᠪᠡᠷᠢ ᠪᠠᠷ ᠲᠣᠰ ᠭᠠᠵᠠᠷ ᠣᠷᠣᠨ ᠤ ᠭᠡᠷ ᠪᠠᠶᠢᠰᠢᠩ ᠢ ᠨᠡᠶᠢᠳᠡᠮ ᠪᠠᠶᠢᠴᠠᠭᠠᠬᠤ ᠡᠭᠦᠷᠭᠡ ᠶᠢ ᠪᠡᠶᠡᠯᠡᠭᠦᠯᠵᠦ᠂ ᠰᠦᠯᠵᠢᠶ᠎ᠡ ᠦᠭᠡᠢ ᠠᠴᠠ ᠪᠣᠯᠵᠤ ᠭᠡᠷ ᠪᠠᠶᠢᠰᠢᠩ ᠤᠨ ᠪᠠᠶᠢᠴᠠᠭᠠᠯᠲᠠ ᠶᠢ ᠥᠷᠨᠢᠭᠦᠯᠬᠦ ᠶᠢᠨ ᠠᠷᠭ᠎ᠠ ᠦᠭᠡᠢ ᠬᠦᠴᠢᠷ ᠠᠰᠠᠭᠤᠳᠠᠯ ᠳᠤ ᠲᠡᠷᠢᠭᠦᠨ ᠤ ᠲᠤᠷᠰᠢᠯᠭ᠎ᠠ ᠪᠠ ᠠᠷᠭ᠎ᠠ ᠪᠠᠷᠢᠯ ᠢ ᠬᠠᠩᠭᠠᠭᠰᠠᠨ ᠪᠠᠶᠢᠨ᠎ᠠ᠃     ︽ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠨᠢ ᠠᠩᠬ᠎ᠠ ᠡᠬᠢᠯᠡᠬᠦ ᠳᠡᠭᠡᠨ ᠨᠡᠭᠡᠷᠡᠨ ᠣᠯᠠᠨ ᠬᠦᠴᠢᠷ ᠲᠤ ᠲᠤᠯᠭᠠᠷᠠᠵᠠᠢ︾ ᠭᠡᠵᠦ ᠮᠡᠷᠭᠡᠨ ᠰᠤᠷᠪᠤᠯᠵᠢᠯᠠᠭ᠎ᠠ ᠬᠦᠯᠢᠶᠡᠬᠦ ᠳᠤᠮᠳᠠ ᠶᠠᠷᠢᠵᠤ ᠪᠠᠶᠢᠯ᠎ᠠ᠃ ᠡᠳᠡᠭᠡᠷ ᠠᠰᠠᠭᠤᠳᠠᠯ ᠤᠨ ᠡᠮᠦᠨ᠎ᠡ᠂ ᠲᠡᠷᠡ ᠴᠠᠭ ᠲᠤᠬᠠᠢ ᠳᠤᠨᠢ ᠳᠡᠭᠡᠳᠦ ᠱᠠᠲᠤᠨ ᠤ ᠮᠡᠷᠭᠡᠵᠢᠯ ᠤᠨ ᠪᠦᠯᠬᠦᠮ ᠲᠠᠢ ᠨᠢᠭᠲᠠ ᠰᠤᠳᠤᠯᠤᠨ ᠶᠠᠷᠢᠯᠴᠠᠵᠤ᠂ ᠨᠡᠶᠢᠳᠡᠮ ᠪᠠᠶᠢᠴᠠᠭᠠᠯᠲᠠ ᠶᠢᠨ ᠲᠤᠰᠬᠠᠢ ᠮᠡᠷᠭᠡᠵᠢᠯᠲᠡᠨ ᠢᠶᠠᠷ  ᠵᠢᠯᠣᠭᠤᠳᠤᠭᠤᠯᠤᠨ᠂ ᠬᠦᠴᠢᠷ ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ ᠬᠠᠮᠲᠤᠷᠠᠨ ᠲᠣᠳᠣᠯᠠᠵᠤ ᠰᠢᠢᠳᠪᠦᠷᠢᠯᠡᠨ᠂ ᠡᠯ᠎ᠡ ᠵᠦᠢᠯ ᠤᠨ ᠨᠡᠶᠢᠳᠡᠮ ᠪᠠᠶᠢᠴᠠᠭᠠᠯᠲᠠ ᠶᠢᠨ ᠭᠦᠢᠴᠡᠳᠬᠡᠯ ᠲᠤᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠢ ᠪᠥᠭᠡᠳ ᠬᠦᠯᠢᠴᠡᠩᠭᠦᠢ ᠪᠠᠷ ᠰᠠᠶᠢᠲᠤᠷ ᠬᠢᠵᠦ᠂ ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢ ᠶᠢᠨ ᠭᠠᠢ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠲᠣᠪᠣᠶᠢᠮ᠎ᠠ ᠬᠤᠪᠢ ᠨᠡᠮᠡᠷᠢ ᠦᠵᠡᠭᠦᠯᠵᠦ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠪᠣᠳᠠᠲᠠᠢ ᠶᠢ ᠡᠷᠬᠢᠮᠯᠡᠭᠰᠡᠨ ᠠᠵᠢᠯ ᠤᠨ ᠬᠡᠪ ᠰᠤᠷᠲᠠᠯ ᠢ ᠢᠯᠡᠷᠡᠭᠦᠯᠦᠭᠰᠡᠨ ᠪᠠᠶᠢᠨ᠎ᠠ᠃      ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠲᠡᠷᠢᠭᠦᠨ ᠤ ᠬᠤᠪᠢ ᠬᠦᠮᠦᠨ ᠮᠡᠷᠭᠡᠨ᠄ ︽ᠠᠩᠬᠠᠳᠤᠭᠠᠷ ᠤᠳᠠᠭᠠᠨ  ᠤ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠮᠠᠨ ᠤ ᠪᠠᠷᠠᠭᠤᠨ ᠦᠵᠦᠮᠦᠴᠢᠨ ᠬᠤᠰᠢᠭᠤ ᠨᠢ ᠲᠤᠷᠰᠢᠯᠲᠠ ᠶᠢᠨ ᠴᠡᠭ ᠪᠣᠯᠣᠭᠰᠠᠨ ᠶᠤᠮ᠃ ᠠᠩᠬ᠎ᠠ ᠡᠬᠢᠯᠡᠬᠦ ᠳᠡᠭᠡᠨ ᠮᠠᠰᠢ ᠣᠯᠠᠨ ᠬᠦᠴᠢᠷ ᠲᠤᠯᠭᠠᠷᠠᠭᠰᠠᠨ᠂ ᠪᠢᠳᠡ ᠲᠤᠰᠬᠠᠢ ᠮᠡᠷᠭᠡᠵᠢᠯᠲᠡᠨ ᠪᠤᠶᠤ ᠬᠤᠯᠪᠣᠭᠳᠠᠯ ᠪᠦᠬᠦᠢ ᠬᠦᠮᠦᠰ ᠲᠠᠢ ᠬᠠᠷᠢᠯᠴᠠᠨ᠂ ᠪᠠᠰᠠ ᠥᠪᠡᠷᠲᠡᠭᠡᠨ ᠠᠷᠭ᠎ᠠ ᠰᠦᠪᠡᠭᠴᠢᠯᠡᠬᠦ ᠪᠠᠷ ᠳᠠᠮᠵᠢᠨ ᠠᠰᠠᠭᠤᠳᠠᠯ ᠢ ᠰᠢᠢᠳᠪᠦᠷᠢᠯᠡᠵᠡᠢ᠃ ᠭᠤᠣᠯᠳᠠᠭᠤ ᠮᠠᠯᠵᠢᠬᠤ ᠣᠷᠣᠨ ᠤ ᠭᠡᠷ ᠪᠠᠶᠢᠰᠢᠩ ᠢ ᠨᠡᠶᠢᠳᠡᠮ ᠪᠠᠶᠢᠴᠠᠭᠠᠬᠤ ᠳᠤ ᠬᠦᠴᠢᠷ ᠪᠠᠶᠢᠭᠰᠠᠨ᠂ ᠠᠵᠢᠯ ᠤᠨ ᠬᠡᠮᠵᠢᠶ᠎ᠡ ᠶᠡᠭᠡ ᠮᠥᠷᠲᠡᠭᠡᠨ ᠵᠠᠮ ᠬᠠᠷᠢᠯᠴᠠᠭ᠎ᠠ ᠳᠦᠭᠦᠮ ᠦᠭᠡᠢ᠂ ᠵᠠᠮᠴᠢᠯᠠᠬᠤ ᠬᠦᠮᠦᠨ ᠦᠭᠡᠢ᠂ ᠳᠣᠬᠢᠶ᠎ᠠ ᠮᠠᠭᠤ᠂ ᠰᠦᠯᠵᠢᠶ᠎ᠡ ᠦᠭᠡᠢ ᠵᠡᠷᠭᠡ ᠠᠰᠠᠭᠤᠳᠠᠯ ᠲᠤᠯᠭᠠᠷᠠᠵᠤ ᠪᠠᠶᠢᠭᠰᠠᠨ ᠶᠤᠮ᠃ ᠡᠨᠡᠬᠦ ᠪᠠᠶᠢᠳᠠᠯ ᠳᠣᠣᠷ᠎ᠠ ᠭᠡᠷ ᠪᠠᠶᠢᠰᠢᠩ ᠤᠨ ᠵᠢᠷᠤᠭ ᠮᠠᠲ᠋ᠧᠷᠢᠶᠠᠯ ᠢ ᠭᠠᠷ ᠢᠶᠠᠷ ᠵᠢᠷᠤᠭᠴᠢᠯᠠᠬᠤ ᠠᠷᠭ᠎ᠠ ᠬᠡᠯᠪᠡᠷᠢ ᠶᠢ ᠬᠡᠷᠡᠭᠯᠡᠵᠦ᠂ ᠳᠠᠷᠠᠭᠠᠯᠠᠨ 5 ᠡᠳᠦᠷ ᠮᠠᠰᠢᠨ ᠲᠡᠷᠭᠡᠨ ᠳᠡᠭᠡᠨ ᠠᠵᠢᠯᠯᠠᠨ᠂ 270 ᠭᠠᠷᠤᠢ ᠭᠡᠷ ᠪᠠᠶᠢᠰᠢᠩ ᠢ ᠨᠡᠶᠢᠳᠡᠮ ᠪᠠᠶᠢᠴᠠᠭᠠᠬᠤ ᠠᠵᠢᠯ ᠢ ᠭᠦᠢᠴᠡᠳᠬᠡᠨ᠂ ᠳᠠᠬᠢᠨ ᠨᠡᠶᠢᠳᠡᠮ ᠪᠠᠶᠢᠴᠠᠭᠠᠬᠤ ᠰᠢᠰᠲ᠋ᠧᠮ ᠳᠤ ᠲᠤᠭ᠎ᠠ ᠪᠠᠷᠢᠮᠲᠠ ᠪᠠᠨ ᠣᠷᠤᠭᠤᠯᠤᠭᠰᠠᠨ ᠶᠤᠮ᠃ ᠲᠤᠬᠠᠢ ᠶᠢᠨ ᠦᠶ᠎ᠡ ᠳᠤ ᠬᠡᠳᠦᠢ ᠬᠦᠴᠢᠷᠲᠡᠢ ᠪᠠᠶᠢᠭᠰᠠᠨ ᠴᠤ ᠪᠢᠳᠡ ᠵᠠᠪᠠᠯ ᠢᠯᠠᠨ ᠳᠠᠪᠠᠭ᠋ᠤ ᠬᠡᠷᠡᠭᠲᠡᠢ ᠪᠠᠶᠢᠭᠰᠠᠨ᠂ ᠤᠴᠢᠷ ᠨᠢ ᠡᠨᠡ ᠪᠣᠯ ᠮᠠᠨ ᠤ ᠠᠵᠢᠯ ᠤᠨ ᠡᠭᠦᠷᠭᠡ ᠬᠠᠷᠢᠭᠤᠴᠠᠯᠭ᠎ᠠ ᠪᠣᠯᠣᠨ᠎ᠠ᠃      ᠡᠨᠡᠬᠦ ᠢᠷᠠᠭᠤ ᠠᠯᠳᠠᠷ ᠢ ᠬᠦᠷᠲᠡᠭᠡᠳ᠂ ᠡᠩ ᠲᠡᠷᠢᠭᠦᠨ ᠳᠤ ᠮᠠᠨ ᠤ ᠪᠠᠶᠢᠭᠤᠯᠭ᠎ᠠ ᠶᠢᠨ ᠤᠳᠤᠷᠢᠳᠤᠯᠭ᠎ᠠ ᠪᠣᠯᠣᠨ ᠬᠠᠮᠲᠤ ᠠᠵᠢᠯᠲᠠᠳ ᠤᠨ ᠳᠡᠮᠵᠢᠯᠭᠡ ᠪᠤᠯᠤᠨ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠃ ᠡᠨᠡ ᠨᠢ ᠮᠥᠨ ᠴᠤ ᠮᠠᠨ ᠤ ᠠᠵᠢᠯ ᠤᠨ ᠦᠷ᠎ᠡ ᠪᠦᠲᠦᠮᠵᠢ ᠶᠢ ᠨᠣᠲᠠᠯᠠᠵᠤ ᠪᠠᠶᠢᠭ᠎ᠠ ᠶᠠᠪᠤᠳᠠᠯ ᠪᠣᠯᠣᠨ᠎ᠠ᠂ ᠡᠳᠡᠭᠡᠷ ᠵᠢᠯ ᠤᠳ ᠲᠤ ᠬᠠᠮᠲᠤᠪᠠᠷ ᠢᠶᠠᠨ ᠬᠢᠨᠠᠮᠠᠭᠠᠢ ᠮᠥᠷᠲᠡᠭᠡᠨ ᠰᠢᠷᠭᠠᠭᠤ ᠠᠵᠢᠯᠯᠠᠭᠰᠠᠭᠠᠷ ᠢᠷᠡᠵᠡᠢ᠂ ᠲᠡᠳᠡᠨ ᠤ ᠬᠠᠪᠰᠤᠷᠤᠯᠭ᠎ᠠ ᠳᠡᠮᠵᠢᠯᠭᠡ ᠪᠠᠶᠢᠭᠰᠠᠨ ᠦᠭᠡᠢ ᠪᠣᠯ ᠥᠨᠥᠳᠥᠷ ᠤᠨ ᠦᠷ᠎ᠡ ᠪᠦᠲᠦᠮᠵᠢ ᠴᠦ  ᠪᠠᠶᠢᠬᠤ ᠦᠭᠡᠢ ᠶᠤᠮ᠃ ᠡᠨᠡᠬᠦ ᠢᠷᠠᠭᠤ ᠠᠯᠳᠠᠷ ᠨᠢ ᠬᠢᠯᠪᠠᠷᠬᠠᠨ ᠢᠷᠡᠭᠰᠡᠨ ᠦᠭᠡᠢ ᠶᠤᠮ᠂ ᠡᠭᠦᠨ ᠢᠶᠠᠷ ᠪᠢ ᠵᠣᠷᠢᠭᠵᠢᠭᠤᠯᠤᠯ ᠪᠣᠯᠭᠠᠵᠤ᠂ ᠪᠠᠷᠠᠭᠤᠨ ᠦᠵᠦᠮᠦᠴᠢᠨ ᠬᠤᠰᠢᠭᠤᠨ ᠤ ᠬᠤᠲᠠ ᠶᠢᠨ ᠬᠥᠭᠵᠢᠯᠲᠡ ᠳᠤ ᠥᠪᠡᠷ ᠤᠨ ᠬᠤᠪᠢ ᠨᠡᠮᠡᠷᠢ ᠪᠠᠨ ᠡᠷᠭᠦᠵᠦ ᠶᠠᠪᠤᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号