| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 21 ᠤ ᠴᠠᠭᠢᠯᠭᠠᠨ ᠮᠡᠳᠡᠭᠡ 3 ᠰᠠᠷ᠎ᠠ ᠶᠢᠨ 20 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠫᠦᠷᠠᠪᠤᠸᠣ᠋·ᠰᠦᠪᠢᠶᠠᠨᠳᠦ᠋ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ | ᠪᠦᠭᠦᠳᠡ ᠨᠠᠶᠢᠷᠠᠮᠳᠠᠬᠤ ᠢᠨᠳᠤᠨᠧᠰᠢᠶ᠎ᠠ ᠤᠯᠤᠰ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠢᠨᠳᠤᠨᠧᠰᠢᠶ᠎ᠠ ᠪᠣᠯ ᠤᠯᠠᠮᠵᠢᠯᠠᠯᠲᠤ ᠨᠥᠭᠦᠷᠰᠡᠭ ᠬᠥᠷᠰᠢ ᠤᠯᠤᠰ ᠮᠥᠨ᠃ | ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠲᠦᠷᠭᠡᠨ ᠤ | ᠵᠠᠮ ᠳᠤ ᠣᠷᠣᠵᠤ᠂ ᠤᠯᠤᠰ ᠲᠦᠷᠦ ᠶᠢᠨ ᠢᠲᠡᠭᠡᠯᠴᠡᠭᠡ ᠡᠳᠦᠷ ᠢᠷᠡᠬᠦᠶ᠎ᠡ ᠪᠠᠬᠢᠵᠢᠵᠦ᠂ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠵᠣᠯᠭᠠᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠡᠯᠪᠡᠭ ᠦᠷ᠎ᠡ | ᠪᠦᠲᠦᠭᠡᠯ ᠣᠯᠵᠤ᠂ ᠬᠤᠶᠠᠷ ᠲᠠᠯ᠎ᠠ ᠪᠠᠷ ᠢᠶᠠᠨ ᠳᠤᠮᠳᠠᠳᠤ ᠢᠨᠳᠤᠨᠧᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠬᠠᠮᠲᠤ ᠪᠠᠷ ᠪᠠᠶᠢᠭᠤᠯᠬᠤ ᠰᠢᠨ᠎ᠡ ᠬᠠᠭᠤᠳᠠᠰᠤ ᠶᠢ ᠨᠡᠭᠡᠭᠡᠪᠡ᠃ ᠪᠢ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭᠠᠨ ᠤ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠫᠦᠷᠠᠪᠤᠸᠣ᠋ ᠲᠠᠢ | ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ | ᠶᠡᠭᠡ ᠦᠷ᠎ᠡ ᠪᠦᠲᠦᠭᠡᠯ ᠣᠯᠬᠤ ᠶᠢ ᠬᠥᠲᠥᠯᠥᠨ ᠳᠠᠭᠠᠭᠤᠯᠵᠤ᠂ ᠬᠥᠭᠵᠢᠵᠦ ᠪᠠᠶᠢᠭ᠎ᠠ ᠲᠣᠮᠣ ᠤᠯᠤᠰ ᠬᠤᠭᠤᠷᠣᠨᠳᠤ ᠪᠠᠨ | ᠬᠤᠪᠢ ᠵᠠᠶᠠᠭ᠎ᠠ ᠪᠠᠨ ᠬᠠᠮᠲᠤᠳᠬᠠᠭᠰᠠᠨ᠂ ᠪᠦᠯᠬᠦᠮᠳᠡᠨ ᠬᠠᠮᠵᠢᠯᠴᠠᠭᠰᠠᠨ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠭᠰᠡᠨ ᠬᠡᠪ | ᠳᠠᠭᠤᠷᠢᠶᠠᠯ ᠢ ᠪᠤᠢ ᠪᠤᠯᠭᠠᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠭᠠᠵᠠᠷ ᠣᠷᠣᠨ | ᠪᠣᠯᠣᠨ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠲᠣᠭᠲᠠᠭᠤᠨ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | |