︵ᠨᠢᠭᠡ︶ ᠪᠥᠬᠦ ᠬᠤᠰᠢᠭᠤᠨ ᠤ ︽ᠲᠠᠷᠢᠶᠠᠯᠠᠩ ᠮᠠᠯ ᠠᠵᠤ ᠠᠬᠤᠢ ᠲᠠᠷᠢᠶᠠᠴᠢᠨ ᠮᠠᠯᠴᠢᠨ ᠲᠠᠷᠢᠶᠠᠴᠢᠨ︾ ᠤ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠶᠢ | ᠨᠢᠭᠡᠳᠦᠯᠲᠡᠢ ᠲᠥᠯᠥᠪᠯᠡᠨ ᠰᠤᠳᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ | ᠲᠠᠷᠢᠶᠠᠯᠠᠩ ᠮᠠᠯ ᠠᠵᠤ ᠠᠬᠤᠢ᠂ ᠮᠠᠯᠵᠢᠬᠤ ᠲᠠᠷᠢᠶᠠᠯᠠᠬᠤ ᠣᠷᠣᠨ ᠤ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ ᠳᠦᠷᠢᠮ ᠲᠣᠭᠲᠠᠭᠠᠯ ᠤᠨ ᠲᠥᠰᠥᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠲᠠᠷᠢᠶᠠᠯᠠᠩ ᠮᠠᠯ ᠠᠵᠤ | ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠪᠦᠷᠢᠨᠰᠢᠭᠦᠯᠦᠨ᠎ᠡ᠃ | ︵ᠬᠤᠶᠠᠷ︶ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠬᠥᠳᠡᠭᠡ ᠲᠣᠰᠬᠤᠨ ᠮᠠᠯᠵᠢᠬᠤ ᠣᠷᠣᠨ ᠤ ᠨᠡᠶᠢᠭᠡᠮ ᠤᠨ | ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠮᠠᠯᠵᠢᠬᠤ ᠲᠠᠷᠢᠶᠠᠯᠠᠬᠤ | ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠪᠠᠶᠢᠴᠠᠭᠠᠨ ᠰᠤᠳᠤᠯᠤᠯᠲᠠ ᠶᠢ | ᠡᠭᠦᠷᠭᠡᠯᠡᠨ᠎ᠡ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠮᠠᠯᠵᠢᠬᠤ | ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ᠂ ᠣᠯᠠᠨ ᠨᠡᠶᠢᠲᠡ ᠶᠢᠨ ᠦᠢᠯᠡᠴᠢᠯᠡᠭᠡᠨ᠂ ᠰᠠᠭᠤᠷᠢ | ᠪᠡᠯᠡᠳᠬᠡᠮᠵᠢ ᠪᠠ ᠮᠠᠯᠵᠢᠬᠤ ᠲᠠᠷᠢᠶᠠᠯᠠᠬᠤ ᠣᠷᠣᠨ ᠤ ᠵᠠᠰᠠᠯᠲᠠ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ | ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠪᠠ | ᠦᠢᠯᠡᠳᠪᠦᠷᠢᠯᠡᠯ ᠤᠨ ᠣᠷᠴᠢᠨ ᠲᠣᠭᠤᠷᠢᠨ ᠤ ᠰᠠᠶᠢᠵᠢᠷᠠᠯᠲᠠ ᠶᠢ ᠲᠦᠷᠦᠭᠦᠯᠡᠨ ᠵᠣᠬᠢᠴᠠᠭᠤᠯᠤᠨ ᠵᠢᠯᠣᠭᠤᠳᠤᠨ᠎ᠠ᠃ | ᠲᠠᠷᠢᠶᠠᠯᠠᠬᠤ ᠮᠠᠯᠵᠢᠬᠤ ᠣᠷᠣᠨ ᠤ ᠤᠶᠤᠨ ᠤ ᠪᠣᠯᠪᠠᠰᠤᠨ᠂ ᠨᠡᠭᠦᠳᠡᠯ ᠮᠠᠯᠵᠢᠯ ᠤᠨ ᠰᠣᠶᠣᠯ ᠪᠣᠯᠣᠨ ᠲᠠᠯ᠎ᠠ | ᠨᠤᠲᠤᠭ ᠤᠨ ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃ | ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠪᠠ ᠦᠨᠳᠦᠰᠦᠨ ᠡᠵᠡᠩᠨᠡᠯᠲᠡ ᠶᠢᠨ ᠳᠦᠷᠢᠮ ᠢ ᠭᠦᠨᠵᠡᠭᠡᠶᠢᠷᠡᠭᠦᠯᠬᠦ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠮᠠᠯᠴᠢᠨ ᠲᠠᠷᠢᠶᠠᠴᠢᠨ ᠤ ᠳᠠᠭᠠᠭᠠᠴᠢᠯᠠᠭᠰᠠᠨ ᠭᠠᠵᠠᠷ᠂ | ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠢᠯᠤᠭᠤᠳᠴᠤ᠂ ᠲᠠᠷᠢᠶᠠᠨ | ᠭᠠᠵᠠᠷ ᠤᠨ ᠬᠡᠷᠡᠭᠯᠡᠬᠦ ᠡᠷᠬᠡ ᠶᠢᠨ ᠡᠷᠭᠢᠯᠲᠡ ᠳᠤ ᠬᠢᠨᠠᠯᠲᠠ ᠲᠠᠯᠪᠢᠵᠤ᠂ ᠳᠠᠭᠠᠭᠠᠴᠢᠯᠠᠯᠲᠠ ᠶᠢᠨ ᠵᠢᠭᠤᠷᠠᠯᠳᠤᠭᠠᠨ ᠢ | ᠬᠥᠨᠳᠡᠯᠡᠨ ᠠᠴᠠ ᠲᠠᠰᠤᠯᠬᠤ ᠠᠵᠢᠯ ᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ᠂ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠪᠠ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠯᠤᠭᠤᠳᠴᠤ᠂ ᠮᠠᠯᠴᠢᠨ | ᠲᠠᠷᠢᠶᠠᠴᠢᠳ ᠤᠨ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠲᠡ ᠶᠢᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠥᠭᠵᠢᠯᠲᠡ ᠶᠢ ᠮᠠᠯᠴᠢᠨ ᠲᠠᠷᠢᠶᠠᠴᠢᠨ ᠤ | ᠳᠠᠷᠤᠭᠠᠰᠤ ᠶᠢ ᠬᠥᠩᠭᠡᠷᠡᠭᠦᠯᠬᠦ ᠳᠤ ᠬᠢᠨᠠᠯᠲᠠ ᠲᠠᠯᠪᠢᠵᠤ᠂ ᠮᠠᠯᠴᠢᠨ ᠲᠠᠷᠢᠶᠠᠴᠢᠨ ᠤ ᠪᠡᠯᠡ ᠮᠥᠩᠭᠦ ᠬᠥᠳᠡᠯᠮᠦᠷᠢ | ᠬᠦᠴᠦ ᠴᠤᠭᠯᠠᠭᠤᠯᠬᠤ ᠠᠵᠢᠯ ᠢ ᠵᠢᠯᠣᠭᠤᠳᠤᠨ᠎ᠠ᠃ | ︵ᠳᠥᠷᠪᠡ︶ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠦᠯᠦᠭᠰᠡᠨ ᠡᠵᠡᠩᠨᠡᠯᠲᠡ ᠶᠢᠨ ᠲᠥᠷᠥ ᠶᠢᠨ | ᠪᠣᠳᠣᠯᠭ᠎ᠠ᠂ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠮᠠᠯᠵᠢᠬᠤ ᠲᠠᠷᠢᠶᠠᠯᠠᠬᠤ | ᠣᠷᠣᠨ ᠤ ᠣᠨᠴᠠᠯᠢᠭᠲᠤ ᠠᠵᠤ ᠦᠢᠯᠡᠰ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ | ᠦᠢᠯᠡᠰ᠂ ᠰᠡᠯᠡᠭᠦᠴᠡᠯ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠪᠠ ᠠᠵᠤ ᠦᠶᠢᠯᠡᠰᠵᠢᠯᠲᠡ ᠶᠢᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠤᠭᠤᠳᠴᠤ᠂ ᠮᠠᠯᠵᠢᠬᠤ ᠲᠠᠷᠢᠶᠠᠯᠠᠬᠤ ᠣᠷᠣᠨ ᠤ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠵᠢᠯᠣᠭᠤᠳᠤᠨ᠎ᠠ᠃ | ︵ᠲᠠᠪᠤ︶ ᠶᠡᠭᠡ ᠬᠡᠮᠵᠢᠶᠡᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠬ᠎ᠠ | ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢᠨ ᠲᠥᠯᠦᠪᠵᠢᠭᠦᠯᠭᠡ ᠶᠢ ᠰᠤᠳᠤᠯᠤᠨ | ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ ᠬᠠᠮᠠᠭᠠᠯᠠᠨ᠎ᠠ᠃ | ᠲᠠᠷᠢᠶᠠᠯᠠᠩ ᠮᠠᠯ ᠠᠵᠤ ᠠᠬᠤᠢ ᠪᠠ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠠᠵᠢᠯᠯᠠᠭᠠᠨ ᠢ ᠬᠢᠨᠠᠨ | ᠬᠡᠮᠵᠢᠵᠦ ᠵᠠᠳᠠᠯᠤᠯᠲᠠ ᠬᠢᠵᠦ᠂ ᠲᠠᠷᠢᠶᠠᠯᠠᠩ ᠮᠠᠯ ᠠᠵᠤ ᠠᠬᠤᠢ ᠪᠠ ᠲᠠᠷᠢᠶᠠᠯᠠᠬᠤ ᠮᠠᠯᠵᠢᠬᠤ ᠣᠷᠣᠨ ᠤ ᠠᠵᠤ | ᠠᠬᠤᠢ ᠶᠢᠨ ᠮᠡᠳᠡᠭᠡ ᠵᠠᠩᠭᠢ ᠶᠢ ᠪᠦᠷᠢᠳᠬᠡᠬᠦ ᠪᠠ ᠨᠡᠶᠢᠲᠡᠯᠡᠬᠦ ᠠᠵᠢᠯ ᠢ ᠥᠷᠨᠢᠭᠦᠯᠦᠨ᠎ᠡ᠃ ᠲᠠᠷᠢᠶᠠᠯᠠᠩ ᠮᠠᠯ ᠠᠵᠤ | ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠵᠢᠯᠲᠠ ᠶᠢᠨ ᠬᠤᠯᠪᠣᠭᠳᠠᠯ ᠪᠦᠬᠦᠢ ᠠᠵᠢᠯ ᠢ | ᠵᠢᠯᠣᠭᠤᠳᠤᠨ᠎ᠠ᠃ | ︵ᠵᠢᠷᠭᠤᠭ᠎ᠠ︶ ᠮᠠᠯ ᠠᠵᠤ ᠠᠬᠤᠢ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠵᠡᠷᠭᠡ ᠡᠯ᠎ᠡ ᠠᠵᠤ | ᠦᠢᠯᠡᠰ ᠢ ᠵᠢᠯᠤᠭᠤᠳᠬᠤ᠂ ᠦᠢᠯᠡᠴᠢᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠮᠢᠬᠠᠨ ᠤ | ᠵᠦᠢᠯ᠂ ᠰᠦ ᠶᠢᠨ ᠦᠢᠯᠡᠰ᠂ ᠲᠡᠵᠢᠭᠡᠯ ᠡᠪᠡᠰᠦ ᠪᠣᠷᠳᠤᠭ᠎ᠠ ᠵᠡᠷᠭᠡ ᠭᠤᠣᠯ ᠪᠣᠯᠬᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ ᠪᠠ | ᠡᠵᠡᠩᠨᠡᠯᠲᠡ ᠶᠢᠨ ᠰᠢᠰᠲ᠋ᠧᠮᠵᠢ ᠶᠢ ᠵᠣᠬᠢᠶᠠᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ | ᠲᠣᠬᠢᠷᠠᠭᠤᠯᠤᠯᠲᠠ ᠶᠢ ᠬᠥᠲᠥᠯᠥᠨ ᠵᠢᠯᠤᠭᠤᠳᠴᠤ᠂ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠰᠠᠨ᠂ | ᠬᠡᠪᠴᠢᠶᠡᠵᠢᠭᠰᠡᠨ ᠦᠢᠯᠡᠳᠪᠦᠷᠢᠯᠡᠯ ᠢ ᠵᠢᠯᠤᠭᠤᠳᠴᠤ᠂ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠣᠬᠢᠷᠲᠤᠯ | ᠦᠭᠡᠢ ᠠᠮᠤᠷ ᠲᠦᠪᠰᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ | ︵ᠲᠤᠯᠤᠭ᠎ᠠ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ | ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢ ᠬᠢᠨᠠᠨ ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ | ᠠᠶᠤᠯ ᠦᠭᠡᠢ ᠶᠢᠨ ᠪᠠᠶᠢᠳᠠᠯ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠃ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢᠨ ᠪᠠᠷᠢᠮᠵᠢᠶᠠᠵᠢᠭᠤᠯᠬᠤ ᠠᠵᠢᠯ ᠢ | ᠡᠭᠦᠷᠭᠡᠯᠡᠨ᠎ᠡ᠃ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠪᠠᠶᠢᠴᠠᠭᠠᠨ ᠰᠢᠯᠭᠠᠵᠤ ᠪᠠᠶᠢᠴᠠᠭᠠᠨ | ᠬᠡᠮᠵᠢᠬᠦ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠤᠭᠤᠳᠴᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢᠨ | ᠪᠠᠶᠢᠭᠤᠯᠤᠯᠲᠠ᠂ ᠨᠡᠶᠢᠲᠡ ᠳᠤ ᠬᠤᠣᠷᠳᠠᠭᠳᠠᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ | ᠪᠣᠬᠢᠷᠲᠤᠯ ᠦᠭᠡᠢ ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ᠂ ᠭᠠᠵᠠᠷ | ᠵᠦᠢ ᠶᠢᠨ ᠪᠡᠯᠭᠡ ᠲᠡᠮᠳᠡᠭᠲᠦ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠮᠢᠶ᠎ᠠ ᠪᠦᠬᠦᠢ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠨᠠᠢᠮᠠ︶ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ | ᠠᠰᠢᠭᠯᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠬᠡᠷᠡᠭᠯᠡᠬᠦ ᠭᠠᠵᠠᠷ᠂ ᠲᠠᠷᠢᠶᠠᠯᠠᠩ ᠮᠠᠯ | ᠠᠵᠤ ᠠᠬᠤᠢ ᠶᠢᠨ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢ | ᠵᠢᠯᠣᠭᠤᠳᠤᠨ᠎ᠠ᠃ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ | ᠬᠠᠮᠠᠭᠠᠯᠠᠬᠤ ᠠᠵᠢᠯ ᠢ ᠬᠠᠷᠢᠭᠤᠴᠠᠵᠤ᠂ ᠲᠠᠷᠢᠶᠠᠨ ᠭᠠᠵᠠᠷ ᠵᠢᠴᠢ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ | ᠬᠠᠮᠠᠭᠠᠯᠠᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠲᠠᠷᠢᠶᠠᠨ ᠭᠠᠵᠠᠷ ᠤᠨ ᠶᠠᠰᠤ ᠴᠢᠨᠠᠷ᠂ ᠬᠠᠮᠠᠭᠠᠯᠠᠯᠲᠠ | ᠪᠠ ᠠᠷᠢᠭᠤᠨ ᠴᠡᠪᠡᠷ ᠦᠢᠯᠡᠳᠪᠦᠷᠢᠯᠡᠯ ᠢ ᠬᠠᠤᠯᠢ ᠶᠣᠰᠣᠭᠠᠷ ᠬᠠᠮᠢᠶᠠᠷᠤᠨ᠎ᠠ᠃ | ︵ᠶᠢᠰᠦ︶ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠣᠨ ᠣᠷᠣᠭᠤᠯᠤᠯᠲᠠ ᠶᠢᠨ | ᠡᠯ᠎ᠡ ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠬᠡᠷᠡᠭᠰᠡᠯ ᠪᠣᠯᠣᠨ ᠣᠷᠣᠭᠤᠯᠤᠯᠲᠠ ᠶᠢᠨ ᠡᠯ᠎ᠡ ᠬᠤᠯᠪᠣᠭᠳᠠᠯ ᠪᠦᠬᠦᠢ ᠤᠯᠤᠰ ᠤᠨ ᠪᠠᠷᠢᠮᠵᠢᠶ᠎ᠠ ᠶᠢ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠦᠷ᠎ᠡ ᠶᠢᠨ ᠮᠠᠯ᠂ ᠵᠢᠭᠦᠷᠲᠡᠨ᠂ ᠮᠠᠯ ᠤᠨ ᠡᠮ᠂ ᠲᠡᠵᠢᠭᠡᠯ ᠪᠣᠷᠳᠤᠭ᠎ᠠ᠂ | ᠲᠡᠵᠢᠭᠡᠯ ᠪᠣᠷᠳᠣᠭᠠᠨ ᠤ ᠨᠡᠮᠡᠯᠲᠡ ᠡᠳ᠋ ᠦᠢᠯᠡᠳᠪᠦᠷᠢᠯᠡᠵᠦ ᠪᠣᠷᠣᠯᠠᠭᠤᠯᠬᠤ ᠵᠥᠪᠰᠢᠶᠡᠷᠡᠯ ᠬᠢᠭᠡᠳ ᠬᠢᠨᠠᠯᠲᠠ | ᠬᠠᠮᠢᠶᠠᠷᠤᠯᠲᠠ ᠶᠢ ᠬᠠᠤᠯᠢ ᠶᠣᠰᠣᠭᠠᠷ ᠥᠷᠨᠢᠭᠦᠯᠦᠨ᠎ᠡ᠃ ᠡᠪᠡᠰᠦ ᠪᠣᠷᠳᠤᠭ᠎ᠠ᠂ ᠮᠠᠯ ᠤᠨ ᠡᠮ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠮᠠᠯ ᠤᠨ ᠡᠮ ᠤᠨ | ᠦᠯᠡᠳᠡᠭᠳᠡᠯ ᠢ ᠪᠠᠶᠢᠴᠠᠭᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ | ᠠᠬᠤᠢ ᠶᠢᠨ ᠮᠠᠰᠢᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | ︵ᠠᠷᠪᠠ︶ ᠲᠡᠵᠢᠭᠡᠯ ᠡᠪᠡᠰᠦᠨ ᠤ ᠡᠪᠡᠳᠴᠢᠨ ᠬᠤᠷᠣᠬᠠᠢ ᠶᠢᠨ ᠬᠥᠨᠥᠭᠡᠯ᠂ ᠮᠠᠯ ᠵᠢᠭᠦᠷᠲᠡᠨ ᠤ ᠬᠢᠵᠢᠭ | ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠵᠤ᠂ ᠠᠮᠢᠳᠠᠨ ᠤ ᠬᠢᠵᠢᠭ ᠢ ᠰᠡᠷᠭᠡᠶᠢᠯᠡᠬᠦ ᠪᠠ ᠬᠢᠵᠢᠭ ᠢ | ᠪᠠᠶᠢᠴᠠᠭᠠᠬᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠥᠯ ᠢ | ᠲᠤᠭᠤᠷᠪᠢᠨ ᠪᠢᠴᠢᠨ᠎ᠡ᠃ ᠠᠮᠢᠲᠠᠨ ᠤ ᠬᠢᠵᠢᠭ ᠢ ᠰᠡᠷᠭᠡᠶᠢᠯᠡᠬᠦ ᠪᠠ ᠬᠢᠵᠢᠭ ᠢ ᠪᠠᠶᠢᠴᠠᠭᠠᠬᠤ ᠰᠢᠰᠲ᠋ᠧᠮ ᠤᠨ | ᠪᠠᠶᠢᠭᠤᠯᠤᠯᠲᠠ ᠶᠢ ᠵᠢᠯᠤᠭᠤᠳᠴᠤ᠂ ᠪᠦᠭᠦ ᠬᠤᠰᠢᠭᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠬᠢᠵᠢᠭ ᠢ ᠪᠠᠶᠢᠴᠠᠭᠠᠬᠤ | ᠠᠵᠢᠯ ᠢ ᠵᠣᠬᠢᠶᠠᠨ ᠪᠠᠶᠢᠭᠤᠯᠬᠤ ᠪᠠ ᠬᠢᠨᠠᠯᠲᠠ ᠲᠠᠯᠪᠢᠵᠤ᠂ ᠭᠡᠨᠡᠳᠲᠡ ᠶᠢᠨ ᠬᠢᠵᠢᠭ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠠᠮᠢᠲᠠᠨ ᠤ ᠬᠥᠨᠥᠭᠡᠯᠲᠡᠢ ᠠᠮᠢᠳᠤ ᠪᠣᠳᠠᠰ ᠢ ᠨᠡᠶᠢᠳᠡᠮ | ᠪᠠᠶᠢᠴᠠᠭᠠᠬᠤ ᠪᠠ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ | ᠡᠭᠦᠷᠭᠡᠯᠡᠨ᠎ᠡ᠃ ᠮᠠᠯ ᠡᠮᠨᠡᠯᠭᠡ ᠶᠢᠨ ᠡᠩᠨᠡᠭᠡ᠂ ᠮᠠᠯ ᠤᠨ ᠡᠮ ᠪᠠ ᠨᠢᠲᠤᠯᠬᠤ ᠠᠵᠢᠯ ᠲᠦᠷᠦᠯ ᠤᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ | ᠬᠤᠬᠢᠷᠠᠯ ᠢ ᠪᠠᠭᠠᠰᠬᠠᠬᠤ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ | ᠠᠵᠤ ᠠᠬᠤᠢ ᠶᠢᠨ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠ ᠨᠡᠶᠢᠲᠡᠯᠡᠵᠦ᠂ ᠮᠠᠯ ᠤᠨ ᠡᠮ᠂ ᠲᠡᠵᠢᠭᠡᠯ ᠡᠪᠡᠰᠦ | ᠲᠡᠵᠢᠭᠡᠯ ᠪᠣᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠪᠠ ᠲᠣᠬᠢᠷᠠᠭᠤᠯᠬᠤ ᠶᠢ ᠵᠣᠬᠢᠶᠠᠨ | ᠪᠠᠶᠢᠭᠤᠯᠵᠤ᠂ ᠦᠢᠯᠡᠳᠪᠦᠷᠢᠯᠡᠯ ᠢᠶᠠᠷ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ | ᠰᠠᠨᠠᠭᠤᠯᠭ᠎ᠠ ᠶᠢ ᠳᠤᠷᠠᠳᠴᠤ᠂ ᠪᠠᠴᠢᠮ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ | ᠰᠡᠷᠭᠦᠭᠡᠬᠦ ᠶᠢ ᠵᠢᠯᠣᠭᠤᠳᠤᠨ᠎ᠠ᠃ | ︵ᠠᠷᠪᠠᠨ ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ | ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠲᠡᠳᠬᠦᠬᠦ | ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠵᠢᠴᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ | ᠣᠷᠣᠨ ᠤ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ | ᠰᠠᠨᠠᠭᠤᠯᠭ᠎ᠠ ᠶᠢ ᠳᠤᠷᠠᠳᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠱᠠᠲᠤᠨ ᠤ | ᠡᠳ᠋ ᠤᠨ ᠵᠠᠰᠠᠭ ᠠᠴᠠ ᠲᠣᠬᠢᠷᠠᠭᠤᠯᠤᠭᠰᠠᠨ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠲᠠᠷᠢᠶᠠᠯᠠᠩ ᠤᠨ ᠤᠰᠤᠨ | ᠠᠰᠢᠭᠯᠠᠯᠲᠠ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠲᠠᠷᠢᠶᠠᠯᠠᠩ ᠤᠨ ᠪᠦᠬᠦ ᠲᠠᠯ᠎ᠠ ᠪᠠᠷ ᠨᠡᠭᠡᠭᠡᠨ ᠬᠥᠭᠵᠢᠭᠦᠯᠬᠦ | ᠲᠥᠯᠥᠪᠯᠡᠭᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠰᠠᠯᠠᠭ᠎ᠠ ᠮᠥᠴᠢᠷ ᠤᠨ ᠲᠥᠰᠥᠪ ᠢ | ᠨᠠᠶᠢᠷᠠᠭᠤᠯᠤᠨ ᠮᠡᠳᠡᠬᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ᠂ ᠪᠥᠬᠦ ᠬᠤᠰᠢᠭᠤᠨ ᠤ ᠲᠥᠯᠦᠪᠵᠢᠭᠦᠯᠭᠡ ᠶᠢᠨ ᠳᠣᠲᠣᠷᠠᠬᠢ | ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ | ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠰᠢᠯᠭᠠᠬᠤ ᠪᠠ ᠬᠢᠨᠠᠨ ᠵᠥᠪᠰᠢᠶᠡᠷᠡᠵᠦ᠂ ᠲᠠᠷᠢᠶᠠᠯᠠᠩ ᠮᠠᠯ ᠠᠵᠤ | ᠠᠬᠤᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠲᠣᠬᠢᠷᠠᠭᠤᠯᠤᠯᠲᠠ ᠪᠠ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠭᠤᠷᠪᠠ︶ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ | ᠰᠢᠨᠵᠢᠯᠡᠬᠦ ᠤᠬᠠᠭᠠᠨ ᠤ ᠰᠤᠳᠤᠯᠤᠯ᠂ ᠮᠡᠷᠭᠡᠵᠢᠯ ᠳᠡᠯᠭᠡᠷᠡᠭᠦᠯᠬᠦ ᠲᠥᠯᠦᠪᠵᠢᠭᠦᠯᠭᠡ ᠪᠠ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠬᠠᠷᠢᠭᠤᠴᠠᠨ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠵᠢᠯᠣᠭᠤᠳᠤᠨ᠂ ᠲᠠᠷᠢᠶᠠᠯᠠᠩ ᠮᠠᠯ | ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠢᠨ᠎ᠡ ᠶᠢ | ᠡᠭᠦᠳᠬᠦ ᠪᠠ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠵᠢᠯᠴᠠᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ︵ᠠᠷᠪᠠᠨ ᠳᠥᠷᠪᠡ︶ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠤ | ᠠᠵᠢᠯ ᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ᠂ ᠬᠥᠲᠥᠴᠢ ᠠᠵᠤ ᠠᠬᠤᠶᠢᠯᠠᠯ ᠤᠨ ᠠᠵᠢᠯ | ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠬᠥᠮᠦᠵᠢᠯ ᠪᠠ ᠨᠡᠭᠡᠭᠡᠨ ᠬᠥᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ | ᠵᠢᠯᠤᠭᠤᠳᠴᠤ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ᠂ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠮᠠᠯᠵᠢᠬᠤ ᠲᠠᠷᠢᠶᠠᠯᠠᠬᠤ | ᠣᠷᠣᠨ ᠤ ᠪᠣᠳᠠᠲᠤ ᠬᠡᠷᠡᠭᠯᠡᠭᠡᠨ ᠤ ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠲᠠᠢ ᠬᠠᠮᠲᠤᠷᠠᠯᠴᠠᠬᠤ ᠠᠵᠢᠯ ᠢ | ᠲᠦᠷᠦᠭᠦᠯᠡᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠣᠷᠣᠨ ᠤ ᠬᠤᠭᠤᠷᠣᠨᠳᠣᠬᠢ ᠠᠵᠤ | ᠠᠬᠤᠢ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠮᠠᠯ | ᠠᠵᠤ ᠠᠬᠤᠢ ᠶᠢᠨ ᠭᠠᠳᠠᠭᠠᠳᠤ ᠶᠢ ᠲᠤᠰᠠᠯᠠᠬᠤ ᠬᠤᠯᠪᠣᠭᠳᠠᠯ ᠪᠦᠬᠦᠢ ᠲᠥᠷᠥᠯ ᠵᠦᠢᠯ ᠳᠤ ᠣᠷᠣᠯᠴᠠᠨ᠎ᠠ᠃ | ︵ᠠᠷᠪᠠᠨ ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ | ᠮᠡᠷᠭᠡᠵᠢᠯ ᠤᠨ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ︵ᠠᠷᠪᠠᠨ ᠳᠣᠯᠤᠭ᠎ᠠ︶ ᠲᠠᠷᠢᠶᠠᠯᠠᠩ ᠠᠵᠤ ᠦᠢᠯᠡᠳᠪᠦᠷᠢ ᠶᠢᠨ ᠶᠠᠮᠤᠨ ᠤ ᠮᠠᠯᠵᠢᠬᠤ ᠲᠠᠷᠢᠶᠠᠯᠠᠬᠤ ᠣᠷᠣᠨ ᠤ | ᠠᠵᠢᠯ᠂ ᠬᠤᠰᠢᠭᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠰᠢᠨᠵᠢᠯᠡᠬᠦ | ᠤᠬᠠᠭᠠᠨ ᠮᠡᠷᠭᠡᠵᠢᠯ ᠵᠡᠷᠭᠡ ᠡᠭᠦᠷᠭᠡ ᠬᠠᠷᠢᠭᠤᠴᠠᠯᠭ᠎ᠠ ᠵᠢᠴᠢ ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠲᠣᠪᠴᠢᠶ᠎ᠠ ᠶᠢᠨ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠬᠤᠰᠢᠭᠤ ᠡᠳ᠋ ᠤᠨ ᠵᠠᠰᠠᠭ ᠤᠨ | ᠲᠣᠪᠴᠢᠶ᠎ᠠ ᠶᠢᠨ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠷᠥᠯ ᠵᠦᠢᠯ᠂ ᠬᠤᠰᠢᠭᠤ ᠤᠯᠤᠰ ᠤᠨ | ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠶᠢᠨ ᠲᠠᠷᠢᠶᠠᠨ ᠭᠠᠵᠠᠷ ᠢ ᠴᠡᠭᠴᠡᠯᠡᠨ ᠵᠠᠰᠠᠬᠤ ᠲᠥᠷᠥᠯ ᠵᠦᠢᠯ᠂ | ᠬᠤᠰᠢᠭᠤ ᠣᠶ ᠰᠢᠭᠤᠢ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠲᠠᠷᠢᠶᠠᠯᠠᠩ ᠤᠨ ᠤᠰᠤᠨ | ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠬᠦ ᠶᠢ ᠬᠠᠷᠢᠭᠤᠴᠠᠨ᠎ᠠ᠃ | |