ᠪᠠᠷᠠᠭᠤᠨ ᠦᠵᠦᠮᠦᠴᠢᠨ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ 2024 ᠣᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠰᠡᠷᠭᠡᠶᠢᠯᠡᠭᠴᠢ ᠶᠢᠨ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/3/27
   ᠪᠥᠬᠦ ᠬᠤᠰᠢᠭᠤᠨ ᠤ ᠦᠨᠳᠦᠰᠦᠨ ᠱᠠᠲᠤᠨ ᠤ ᠠᠮᠢᠲᠠᠨ ᠤ ᠬᠢᠵᠢᠭ ᠢ ᠰᠡᠷᠭᠡᠶᠢᠯᠡᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠬᠡᠪ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 19 ᠤ ᠡᠳᠦᠷ ᠠᠴᠠ ᠨᠠᠰᠢ᠂ ᠬᠤᠰᠢᠭᠤ ᠠᠮᠢᠲᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠡᠯ᠎ᠡ ᠰᠤᠮᠤ ᠪᠠᠯᠭᠠᠰᠤᠨ ᠳᠤ ᠭᠦᠨᠵᠡᠭᠡᠶᠢᠷᠡᠨ ᠠᠮᠢᠲᠠᠨ ᠤ ᠬᠢᠵᠢᠭ ᠢ ᠰᠡᠷᠭᠡᠶᠢᠯᠡᠭᠴᠢ ᠶᠢᠨ ᠪᠣᠯᠪᠠᠰᠤᠷᠠᠯ ᠢ ᠥᠷᠨᠢᠭᠦᠯᠵᠦ᠂ ᠨᠡᠶᠢᠲᠡ 150 ᠨᠡᠷᠡᠰ ᠬᠢᠵᠢᠭ ᠢ ᠰᠡᠷᠭᠡᠶᠢᠯᠡᠭᠴᠢ ᠪᠣᠯᠪᠠᠰᠤᠷᠠᠯ ᠳᠤ ᠣᠷᠣᠯᠴᠠᠵᠠᠢ᠃     ᠪᠣᠯᠪᠠᠰᠤᠷᠠᠯ ᠤᠨ ᠠᠩᠭᠢ ᠳᠤ᠂ ᠬᠤᠰᠢᠭᠤ ᠠᠮᠢᠲᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠷᠰᠢᠯᠲᠠ ᠶᠢᠨ ᠲᠠᠰᠤᠭ ᠤᠨ ᠡᠷᠬᠢᠯᠡᠭᠴᠢ 2024 ᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠣᠭᠤᠷᠢᠨ ᠳᠤ ᠠᠮᠢᠲᠠᠨ ᠤ ᠬᠢᠵᠢᠭ ᠰᠡᠷᠭᠡᠶᠢᠯᠡᠬᠦ ᠠᠵᠢᠯ ᠤᠨ ᠲᠥᠯᠥᠪᠯᠡᠭᠡ ᠳᠤ ᠲᠠᠶᠢᠯᠤᠮᠵᠢ ᠬᠢᠵᠦ᠂ ᠠᠮᠢᠲᠠᠨ ᠤ ᠬᠢᠵᠢᠭ ᠰᠡᠷᠭᠡᠶᠢᠯᠡᠭᠴᠢ ᠶᠢᠨ ᠡᠭᠦᠷᠭᠡ ᠬᠠᠷᠢᠭᠤᠴᠠᠯᠭ᠎ᠠ᠂ ᠪᠥᠬᠦ ᠬᠤᠰᠢᠭᠤᠨ ᠤ ᠠᠮᠢᠲᠠᠨ ᠤ ᠬᠢᠵᠢᠭ ᠰᠡᠷᠭᠡᠶᠢᠯᠡᠬᠦ ᠲᠥᠷᠥᠯ ᠵᠦᠢᠯ᠂ ᠸᠠᠺᠼᠢᠨ ᠢ ᠬᠠᠳᠠᠭᠠᠯᠠᠬᠤ ᠪᠠ ᠬᠠᠮᠢᠶᠠᠷᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠳᠤᠮᠳᠠᠬᠢ ᠬᠤᠪᠢ ᠬᠥᠮᠥᠨ ᠤ ᠰᠡᠷᠭᠡᠶᠢᠯᠡᠯᠲᠡ᠂ ᠡᠭᠡᠯᠢᠯᠡᠭᠡ ᠶᠢᠨ ᠡᠮᠦᠨᠡᠬᠢ ᠪᠡᠯᠡᠳᠬᠡᠯ ᠵᠢᠴᠢ ᠠᠩᠬᠠᠷᠬᠤ ᠵᠦᠢᠯ᠂ ᠡᠭᠡᠯᠢᠯᠡᠭᠡ ᠶᠢᠨ ᠲᠠᠷᠢᠯᠭ᠎ᠠ ᠶᠢᠨ ᠮᠡᠷᠭᠡᠵᠢᠯ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠪᠠ᠃ ᠬᠤᠷᠠᠯ ᠳᠡᠭᠡᠷ᠎ᠡ᠂ ᠪᠣᠯᠪᠠᠰᠤᠷᠠᠯ ᠳᠤ ᠣᠷᠣᠯᠴᠠᠭᠰᠠᠳ ᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠪᠣᠯᠪᠠᠰᠤᠷᠠᠯ ᠤᠨ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠪᠠᠨ ᠴᠢᠩᠭᠠᠷᠠᠭᠤᠯᠵᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ ᠬᠤᠰᠢᠭᠤᠨ ᠤ ᠲᠡᠵᠢᠭᠡᠨ ᠦᠷᠡᠵᠢᠭᠦᠯᠬᠦ ᠦᠢᠯᠡᠰ ᠤᠨ ᠡᠷᠡᠭᠦᠯ ᠢᠶᠠᠷ ᠬᠥᠭᠵᠢᠬᠦ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃     ᠪᠣᠯᠪᠠᠰᠤᠷᠠᠯ ᠢᠶᠠᠷ ᠳᠡᠮᠵᠢᠨ᠂ ᠦᠨᠳᠦᠰᠦᠨ ᠱᠠᠲᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠥᠪ ᠦᠷᠭᠦᠯᠵᠢᠯᠡᠨ ᠠᠮᠢᠲᠠᠨ ᠤ ᠬᠢᠵᠢᠭ ᠰᠡᠷᠭᠡᠶᠢᠯᠡᠭᠴᠢ ᠶᠢᠨ ᠪᠣᠯᠪᠠᠰᠤᠷᠠᠯ ᠢ ᠥᠷᠨᠢᠭᠦᠯᠵᠦ᠂ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠲᠥᠪᠯᠡᠷᠡᠭᠦᠯᠦᠨ ᠴᠠᠷᠤᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠥᠬᠦ ᠬᠦᠴᠦᠨ ᠢᠶᠠᠷ ᠠᠬᠢᠭᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号