ᠨᠤᠮᠤ ᠰᠤᠮᠤᠨ ᠤ ᠲᠦᠷᠦᠯ ᠵᠦᠢᠯ ᠪᠠ ᠢᠯᠭᠠᠭ᠎ᠠ ᠬᠡᠷᠡᠭᠴᠡᠭᠡ
ᠨᠡᠶᠢᠲᠡᠯᠡᠭᠰᠡᠨ ᠴᠠᠭ᠄
2024/3/27
      ᠨᠤᠮᠤ ᠰᠤᠮᠤᠨ ᠤ ᠲᠦᠷᠦᠯ ᠵᠦᠢᠯ ᠤᠯᠠᠨ᠂ ᠬᠡᠷᠡᠭᠯᠡᠬᠦ ᠬᠦᠷᠢᠶ᠎ᠡ ᠬᠡᠪᠴᠢᠶ᠎ᠡ ᠥᠷᠭᠡᠨ᠂ ᠣᠳᠣᠬᠠᠨ ᠤ ᠮᠠᠨ ᠤ ᠤᠯᠤᠰ ᠲᠤ ᠲᠦᠭᠡᠮᠡᠯ ᠬᠡᠷᠡᠭᠯᠡᠵᠦ ᠪᠠᠶᠢᠭ᠎ᠠ ᠨᠤᠮᠤ ᠰᠤᠮᠤ ᠭᠤᠷᠪᠠᠨ ᠲᠦᠷᠦᠯ ᠪᠠᠶᠢᠵᠤ᠂ ᠭᠤᠣᠯᠳᠠᠭᠤ ᠠᠵᠢᠯ ᠲᠦᠷᠦᠯ ᠢᠶᠠᠷ ᠨᠢ ᠤᠯᠠᠮᠵᠢᠯᠠᠯᠲᠤ ᠨᠤᠮᠤ ᠰᠤᠮᠤ᠂ ᠣᠳᠣᠬᠢᠴᠢᠯᠠᠭᠰᠠᠨ ᠲᠤᠰᠬᠠᠢ ᠮᠡᠷᠭᠡᠵᠢᠯ ᠤᠨ ᠨᠤᠮᠤ ᠰᠤᠮᠤ ᠪᠠ ᠲᠣᠭᠯᠠᠭᠠᠮ ᠤᠨ ᠨᠤᠮᠤ ᠰᠤᠮᠤ ᠭᠡᠵᠦ ᠬᠤᠪᠢᠶᠠᠳᠠᠭ᠃          ᠤᠯᠠᠮᠵᠢᠯᠠᠯᠲᠤ ᠨᠤᠮᠤ ᠰᠤᠮᠤ          ᠤᠯᠠᠮᠵᠢᠯᠠᠯᠲᠤ ᠨᠤᠮᠤ ᠰᠤᠮᠤ ᠨᠢ ᠤᠯᠠᠨ ᠵᠠᠭᠤᠨ ᠵᠢᠯ  ᠤᠯᠠᠮᠵᠢᠯᠠᠵᠤ  ᠢᠷᠡᠭᠰᠡᠨ  ᠪᠠᠶᠢᠭᠠᠯᠢᠯᠢᠭ ᠪᠣᠳᠠᠰ ᠬᠡᠷᠡᠭᠯᠡᠵᠦ᠂ ᠭᠠᠷ ᠤᠷᠠᠯᠠᠯ ᠢᠶᠠᠷ ᠪᠦᠲᠦᠭᠡᠭᠰᠡᠨ ᠪᠠᠶᠢᠳᠠᠭ᠃ ᠲᠤᠰ ᠨᠤᠮᠤ ᠰᠤᠮᠤ ᠶᠢ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠯᠠᠨ ᠤᠯᠤᠰ ᠤᠨ ᠤᠷᠤᠯᠳᠤᠭᠠᠨ᠂ ᠤᠯᠤᠰ ᠣᠷᠣᠨ ᠤ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠵᠢᠩᠬᠢᠨᠢ ᠲᠦᠷᠦᠯ ᠵᠦᠢᠯ ᠢᠶᠠᠷ ᠬᠡᠷᠡᠭᠯᠡᠵᠦ᠂ ᠦᠨᠳᠦᠰᠦᠲᠡᠨ ᠤ ᠭᠠᠵᠠᠷ  ᠣᠷᠣᠨ ᠨᠠᠶᠢᠷ   ᠨᠠᠭᠠᠳᠤᠮ ᠳᠤ  ᠥᠷᠭᠡᠨ  ᠢᠶᠠᠷ ᠬᠡᠷᠡᠭᠯᠡᠵᠦ  ᠪᠠᠶᠢᠭ᠎ᠠ ᠶᠤᠮ᠃          ᠲᠡᠭᠦᠨ ᠤ ᠪᠦᠲᠦᠴᠡ ᠨᠢ ᠭᠤᠣᠯᠳᠠᠭᠤ ᠪᠠᠶᠢᠭᠠᠯᠢᠯᠢᠭ ᠪᠣᠳᠠᠰ᠂ ᠦᠬᠡᠷ ᠤᠨ ᠡᠪᠡᠷ᠂ ᠬᠤᠯᠤᠰᠤ᠂ ᠰᠢᠪᠤᠰᠤ ᠵᠡᠷᠭᠡ ᠶᠢ ᠴᠠᠪᠠᠤ ᠪᠠᠷ ᠨᠠᠭᠠᠯᠳᠤᠭᠤᠯᠤᠨ ᠬᠥᠮᠥᠨ ᠤ ᠬᠦᠴᠦ ᠶᠢ ᠠᠰᠢᠭᠯᠠᠨ ᠪᠦᠲᠦᠭᠡᠭᠰᠡᠨ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠯ ᠪᠣᠯᠣᠨ᠎ᠠ᠃ ᠦᠢᠯᠡᠳᠦᠯ ᠪᠠ ᠬᠡᠷᠡᠭᠴᠡᠭᠡ ᠨᠢ ᠭᠡᠪᠡᠯ ᠦᠨᠳᠦᠰᠦᠲᠡᠨ ᠤ ᠤᠯᠠᠮᠵᠢᠯᠠᠯᠲᠤ ᠨᠠᠶᠢᠷ ᠨᠠᠭᠠᠳᠤᠮ ᠳᠤ ᠲᠤᠰᠬᠠᠢ ᠬᠡᠷᠡᠭᠯᠡᠳᠡᠭ᠃ ᠠᠷᠠᠳ ᠨᠡᠶᠢᠳᠡ ᠶᠢᠨ ᠳᠤᠮᠳᠠ ᠲᠦᠭᠡᠮᠡᠯ ᠳᠡᠯᠭᠡᠷᠡᠭᠰᠡᠨ ᠤᠯᠠᠨ ᠲᠦᠮᠡᠨᠴᠢ ᠰᠠᠭᠤᠷᠢ ᠭᠦᠨ ᠵᠤᠵᠠᠭᠠᠨ᠂ ᠤᠯᠠᠮᠵᠢᠯᠠᠯᠲᠤ ᠡᠷ᠎ᠡ ᠶᠢᠨ ᠭᠤᠷᠪᠠᠨ ᠨᠠᠭᠠᠳᠤᠮ ᠤᠨ ᠴᠢᠬᠤᠯᠠ ᠲᠦᠷᠦᠯ ᠵᠦᠢᠯ ᠪᠤᠯᠬᠤ ᠪᠥᠭᠡᠳ ᠠᠷᠠᠳ ᠲᠦᠮᠡᠨ ᠤ ᠪᠡᠶ᠎ᠡ ᠮᠠᠬᠠᠪᠤᠳ ᠢ ᠴᠢᠭᠢᠷᠠᠭᠵᠢᠭᠤᠯᠬᠤ ᠠᠵᠢᠯᠯᠠᠭᠠᠨ ᠳᠤ ᠵᠣᠬᠢᠴᠠᠭᠰᠠᠨ ᠥᠷᠭᠡᠨ ᠬᠡᠷᠡᠭᠴᠡᠭᠡ ᠲᠠᠢ ᠤᠯᠠᠮᠵᠢᠯᠠᠯᠲᠤ ᠪᠡᠶ᠎ᠡ ᠶᠢᠨ ᠲᠠᠮᠢᠷ ᠤᠨ ᠪᠠᠭᠠᠵᠢ ᠲᠥᠬᠦᠭᠡᠷᠦᠮᠵᠢ ᠪᠤᠯᠬᠤ ᠶᠤᠮ᠃ ᠡᠶᠢᠮᠦ ᠠᠴᠠ ᠲᠤᠰ ᠨᠤᠮᠤ ᠰᠤᠮᠤ ᠶᠢ ᠬᠡᠷᠡᠭᠯᠡᠬᠦ  ᠬᠦᠷᠢᠶ᠎ᠡ ᠬᠡᠪᠴᠢᠶ᠎ᠡ ᠥᠷᠭᠡᠨ᠂ ᠣᠷᠤᠯᠴᠠᠬᠤ ᠬᠥᠮᠥᠨ ᠬᠢᠵᠠᠭᠠᠷ ᠦᠭᠡᠢ ᠪᠠᠶᠢᠳᠠᠭ᠃          ᠲᠤᠰᠬᠠᠢ ᠮᠡᠷᠭᠡᠵᠢᠯ ᠤᠨ ᠣᠳᠣᠬᠢᠴᠢᠯᠠᠭᠰᠠᠨ ᠨᠤᠮᠤ ᠰᠤᠮᠤ          ᠣᠳᠣᠬᠢᠴᠢᠯᠠᠭᠰᠠᠨ ᠲᠤᠰᠬᠠᠢ ᠮᠡᠷᠭᠡᠵᠢᠯ ᠤᠨ ᠨᠤᠮᠤ ᠰᠤᠮᠤ ᠨᠢ ᠳᠡᠭᠡᠳᠦ ᠲᠡᠰ ᠤᠨ ᠮᠠᠰᠢᠨ ᠮᠡᠷᠭᠡᠵᠢᠯ ᠢᠶᠠᠷ ᠵᠣᠬᠢᠶᠠᠨ ᠪᠦᠲᠦᠭᠡᠭᠰᠡᠨ ᠲᠡᠷᠢᠭᠦᠨ ᠤ ᠨᠤᠮᠤ ᠰᠤᠮᠤᠨ ᠤ ᠪᠠᠭᠠᠵᠢ ᠲᠥᠬᠦᠭᠡᠷᠦᠮᠵᠢ ᠪᠣᠯᠣᠨ᠎ᠠ᠃ ᠲᠤᠰ ᠨᠤᠮᠤ ᠰᠤᠮᠤ ᠨᠢ ᠡᠳᠦᠭᠡ ᠳᠡᠯᠡᠬᠡᠢ ᠶᠢᠨ ᠣᠯᠢᠮᠫᠢᠺ᠂ ᠠᠽᠢᠶ᠎ᠠ ᠲᠢᠪ ᠪᠠ ᠪᠦᠭᠦ ᠤᠯᠤᠰ ᠣᠷᠣᠨ ᠤ ᠥᠷᠢᠰᠦᠯᠳᠦᠭᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠤᠰᠬᠠᠢ ᠮᠡᠷᠭᠡᠵᠢᠯ ᠤᠨ ᠲᠦᠷᠦᠯ ᠵᠦᠢᠯ ᠳᠤ ᠬᠡᠷᠡᠭᠯᠡᠵᠦ ᠪᠠᠶᠢᠭ᠎ᠠ ᠶᠤᠮ᠃         ᠲᠡᠭᠦᠨ ᠤ ᠪᠦᠲᠦᠴᠡ ᠨᠢ ᠭᠤᠣᠯᠳᠠᠭᠤ ᠬᠢᠮᠢ ᠶᠢᠨ ᠪᠣᠳᠠᠰ ᠢ ᠲᠡᠷᠢᠭᠦᠨ ᠤ ᠳᠡᠭᠡᠳᠦ ᠲᠡᠰ ᠤᠨ ᠮᠠᠰᠢᠨ ᠮᠡᠷᠭᠡᠵᠢᠯ ᠢᠶᠠᠷ  ᠬᠡᠪᠰᠢᠭᠦᠯᠦᠨ  ᠳᠠᠷᠤᠮᠠᠯᠯᠠᠵᠤ᠂  ᠰᠤᠳᠤᠯᠤᠨ  ᠪᠦᠲᠦᠭᠡᠭᠰᠡᠨ  ᠲᠡᠷᠢᠭᠦᠨ ᠲᠡᠰ ᠤᠨ ᠨᠤᠮᠤ ᠰᠤᠮᠤ ᠪᠣᠯᠣᠨ᠎ᠠ᠃ ᠲᠤᠰ ᠨᠤᠮᠤ ᠰᠤᠮᠤ ᠶᠢ ᠠᠮᠧᠷᠢᠺᠠ ᠤᠯᠤᠰ᠂ ᠺᠤᠷᠢᠶᠠ ᠤᠯᠤᠰ᠂ ᠲᠤᠮᠳᠠᠳᠦ ᠤᠯᠤᠰ ᠲᠤ ᠭᠤᠣᠯᠴᠢᠯᠠᠨ ᠦᠢᠯᠡᠳᠪᠦᠷᠢᠯᠡᠵᠦ ᠪᠠᠶᠢᠳᠠᠭ᠃ ᠦᠢᠯᠡᠳᠦᠯ ᠪᠠ ᠬᠡᠷᠡᠭᠴᠡᠭᠡ ᠨᠢ ᠭᠡᠪᠡᠯ ᠥᠷᠢᠰᠦᠯᠳᠦᠭᠡᠨ ᠤ ᠪᠡᠶ᠎ᠡ ᠶᠢᠨ ᠲᠠᠮᠢᠷ ᠤᠨ ᠠᠵᠢᠯ ᠦᠢᠯᠡᠰ ᠲᠤ ᠵᠣᠷᠢᠭᠤᠯᠤᠨ᠂ ᠲᠤᠰᠬᠠᠢ ᠲᠦᠷᠦᠯ ᠢᠶᠠᠷ ᠦᠢᠯᠡᠳᠪᠦᠷᠢᠯᠡᠨ᠂ ᠣᠯᠢᠮᠫᠢᠺ᠂ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠪᠣᠯᠣᠨ ᠤᠯᠤᠰ ᠤᠨ ᠳᠣᠲᠣᠭᠠᠳᠤ ᠳᠠᠬᠢ ᠲᠤᠰᠬᠠᠢ ᠲᠦᠷᠦᠯ ᠤᠨ ᠥᠷᠢᠰᠦᠯᠳᠦᠭᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠤᠯᠴᠠᠬᠤ᠂ ᠲᠤᠰᠬᠠᠢ ᠪᠣᠯᠪᠠᠰᠤᠷᠠᠯ ᠲᠠᠢ᠂ ᠲᠤᠰᠬᠠᠢ ᠮᠡᠷᠭᠡᠵᠢᠯ ᠤᠨ ᠲᠠᠮᠢᠷᠴᠢᠳ ᠬᠡᠷᠡᠭᠯᠡᠳᠡᠭ᠃ ᠡᠶᠢᠮᠦ ᠠᠴᠠ ᠲᠤᠰ ᠨᠤᠮᠤ ᠰᠤᠮᠤ ᠶᠢ ᠬᠡᠷᠡᠭᠯᠡᠬᠦ ᠬᠦᠷᠢᠶ᠎ᠡ ᠬᠡᠪᠴᠢᠶ᠎ᠡ ᠪᠠ ᠤᠷᠤᠯᠳᠤᠭᠠᠨ ᠳᠤ ᠣᠷᠤᠯᠴᠠᠬᠤ ᠲᠠᠮᠢᠷᠴᠢᠳ ᠬᠢᠵᠠᠭᠠᠷ ᠲᠠᠢ ᠪᠠᠶᠢᠳᠠᠭ᠃ ᠭᠡᠪᠡᠴᠦ ᠲᠡᠭᠦᠨ ᠤ ᠤᠯᠤᠰ᠂ ᠦᠨᠳᠦᠰᠦᠲᠡᠨ ᠤ ᠨᠡᠷ᠎ᠡ ᠠᠯᠳᠠᠷ ᠢ ᠨᠥᠯᠥᠭᠡᠯᠡᠬᠦ ᠬᠦᠴᠦᠨ ᠲᠤᠩ ᠶᠡᠭᠡ ᠪᠠᠶᠢᠳᠠᠭ᠃          ᠲᠣᠭᠯᠠᠭᠠᠮ ᠤᠨ ᠨᠤᠮᠤ ᠰᠤᠮᠤ          ᠲᠣᠭᠯᠠᠭᠠᠮ ᠤᠨ ᠨᠤᠮᠤ ᠰᠤᠮᠤ ᠨᠢ ᠵᠤᠭᠠᠴᠠᠯ ᠤᠨ ᠭᠠᠵᠠᠷ ᠤᠳ ᠢᠶᠠᠷ ᠬᠡᠷᠡᠭᠯᠡᠵᠦ ᠪᠠᠶᠢᠳᠠᠭ᠃ ᠵᠤᠭ᠎ᠠ ᠴᠡᠩᠭᠡᠯ ᠤᠨ ᠨᠠᠭᠠᠳᠤᠮ ᠲᠣᠭᠯᠠᠭᠠᠮ ᠳᠤ ᠵᠣᠷᠢᠭᠤᠯᠤᠨ ᠦᠢᠯᠡᠳᠪᠦᠷᠢᠯᠡᠭᠰᠡᠨ ᠪᠠᠶᠢᠳᠠᠭ᠃          ᠲᠤᠰ ᠨᠤᠮᠤ ᠰᠤᠮᠤ ᠶᠢᠨ ᠪᠦᠲᠦᠴᠡ ᠨᠢ ᠭᠤᠣᠯᠳᠠᠭᠤ ᠵᠣᠬᠢᠶᠠᠮᠠᠯ ᠬᠢᠮᠢ ᠶᠢᠨ ᠪᠣᠳᠠᠰ ᠢᠶᠠᠷ ᠪᠦᠲᠦᠭᠡᠭᠰᠡᠨ᠂ ᠬᠦᠷᠳᠦᠲᠦ ᠨᠤᠮᠤ ᠪᠤᠶᠤ ᠪᠤᠰᠤᠳ ᠵᠦᠢᠯ ᠤᠨ ᠲᠦᠭᠦᠮ ᠬᠢᠴᠡ ᠲᠠᠢ ᠨᠤᠮᠤ ᠰᠤᠮᠤ ᠪᠠᠶᠢᠳᠠᠭ᠃ ᠦᠢᠯᠡᠳᠦᠯ ᠪᠠ ᠬᠡᠷᠡᠭᠴᠡᠭᠡ ᠨᠢ ᠭᠡᠪᠡᠯ ᠨᠠᠭᠠᠳᠤᠮ ᠲᠣᠭᠯᠠᠭᠠᠮ᠂ ᠵᠤᠭ᠎ᠠ ᠴᠡᠩᠭᠡᠯ ᠤᠨ ᠬᠡᠷᠡᠭᠴᠡᠭᠡ ᠦᠢᠯᠡᠳᠦᠯ ᠲᠠᠢ ᠪᠠᠶᠢᠳᠠᠭ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号