ᠠᠷᠢᠭᠤᠨ ᠴᠡᠪᠡᠷ ᠠᠶᠢᠯ ᠳᠤ ᠠᠵᠠ ᠵᠢᠷᠭᠠᠯ ᠲᠣᠭᠲᠠᠳᠠᠭ
ᠨᠡᠶᠢᠲᠡᠯᠡᠭᠰᠡᠨ ᠴᠠᠭ᠄
2024/3/27
      ᠭᠡᠷ ᠪᠣᠯ ᠬᠥᠮᠥᠰ ᠤᠨ ᠠᠮᠤᠷ ᠲᠠᠶᠢᠪᠤᠩ ᠠᠮᠠᠷᠠᠯᠲᠠ ᠶᠢᠨ ᠭᠠᠷᠠᠮ᠂ ᠮᠥᠷᠥᠭᠡᠳᠦᠯ ᠪᠡᠶᠡᠯᠡᠭᠦᠯᠳᠡᠭ ᠭᠠᠵᠠᠷ᠂ ᠰᠠᠶᠢᠨ ᠰᠠᠶᠢᠬᠠᠨ ᠠᠮᠢᠳᠤᠷᠠᠯ ᠤᠨ ᠲᠠᠯᠠᠪᠤᠷ᠂ ᠮᠥᠨᠴᠦ ᠠᠵᠢᠯ ᠦᠢᠯᠡᠰ ᠤᠨ ᠠᠷᠤ ᠲᠦᠰᠢᠭ᠂ ᠠᠵᠠ ᠵᠢᠷᠭᠠᠯ ᠤᠨ ᠤᠨᠳᠤᠷᠤᠮᠠᠯ ᠪᠤᠯᠠᠭ ᠰᠠᠨ᠃  ᠬᠥᠮᠥᠰ ᠶᠡᠷᠦ ᠨᠢ ᠠᠷᠢᠭᠤᠨ ᠴᠡᠪᠡᠷ ᠰᠠᠶᠢᠨ ᠰᠠᠶᠢᠬᠠᠨ ᠣᠷᠴᠢᠨ ᠲᠣᠭᠤᠷᠢᠨ᠂ ᠣᠷᠣᠨ ᠰᠠᠭᠤᠴᠠ ᠶᠢ ᠬᠦᠰᠡᠮᠵᠢᠯᠡᠳᠡᠭ᠃ ᠴᠡᠪᠡᠷ ᠰᠠᠶᠢᠬᠠᠨ ᠭᠡᠷ ᠨᠢ ᠪᠡᠶ᠎ᠡ ᠶᠢ ᠲᠠᠶᠢᠪᠤᠰᠢᠷᠠᠭᠤᠯᠵᠤ᠂ ᠵᠣᠯ ᠵᠢᠷᠭᠠᠯ  ᠤᠨ ᠮᠡᠳᠡᠷᠡᠮᠵᠢ ᠶᠢ ᠳᠡᠭᠡᠭᠰᠢᠯᠡᠭᠦᠯᠳᠡᠭ ᠶᠤᠮ᠃  ᠭᠡᠷ ᠦᠷᠦᠭᠡ ᠪᠠᠨ ᠠᠷᠢᠭᠤᠨ ᠴᠡᠪᠡᠷ ᠪᠠᠶᠢᠯᠭᠠᠬᠤ ᠨᠢ ᠨᠢᠭᠡ ᠬᠥᠮᠥᠨ ᠤ ᠠᠮᠢᠳᠤᠷᠠᠯ ᠳᠤ  ᠬᠠᠨᠳᠤᠬᠤ ᠣᠪᠣᠷ ᠢ ᠢᠯᠡᠷᠡᠭᠦᠯᠬᠦ ᠪᠠᠷ ᠪᠠᠷᠠᠬᠤ ᠦᠭᠡᠢ᠂ ᠥᠪᠡᠷ ᠤᠨ ᠢᠶᠠᠨ ᠠᠮᠢᠳᠤᠷᠠᠯ  ᠢ ᠦᠨᠦᠷ ᠠᠮᠲᠠ ᠲᠠᠢ᠂ ᠤᠳᠬ᠎ᠠ ᠤᠴᠢᠷ ᠲᠠᠢ ᠥᠩᠭᠡᠷᠡᠭᠦᠯᠬᠦ ᠴᠢᠳᠠᠪᠤᠷᠢ ᠶᠢ ᠢᠯᠡᠷᠡᠭᠦᠯᠳᠡᠭ᠃ ︽ᠪᠡᠶ᠎ᠡ ᠪᠠᠨ ᠵᠠᠰᠠᠭᠠᠳ ᠭᠡᠷ ᠢᠶᠠᠨ ᠵᠠᠰᠠ᠂ ᠭᠡᠷ ᠢᠶᠠᠨ ᠵᠠᠰᠠᠭᠠᠳ ᠲᠦᠷᠦ ᠪᠠᠨ ᠵᠠᠰᠠ︾ ᠭᠡᠳᠡᠭ   ᠢᠶᠠᠷ ᠠᠵᠠ ᠵᠢᠷᠭᠠᠯ ᠲᠠᠢ ᠠᠮᠢᠳᠤᠷᠠᠶ᠎ᠠ ᠭᠡᠪᠡᠯ ᠭᠡᠷ ᠢᠶᠠᠨ ᠴᠡᠪᠡᠷᠯᠡᠬᠦ ᠠᠴᠠ ᠡᠬᠢᠯᠡᠭᠡᠷᠡᠢ ᠬᠥᠮᠥᠰ ᠠ᠋᠃              ᠭᠡᠷ ᠦᠷᠦᠭᠡ ᠪᠠᠨ ᠠᠷᠢᠭᠤᠨ ᠴᠡᠪᠡᠷ ᠪᠠᠶᠢᠯᠭᠠᠬᠤ ᠪᠣᠯ ᠮᠣᠩᠭᠤᠯᠴᠤᠳ ᠤᠨ ᠡᠷᠬᠢᠮ ᠰᠠᠶᠢᠬᠠᠨ ᠰᠤᠷᠲᠠᠯ ᠶᠤᠮ᠃ ᠳᠡᠭᠡᠳᠦᠰ ᠤᠨ ᠮᠠᠨᠢ ᠠᠷᠢᠭᠤᠨ ᠰᠤᠷᠲᠠᠯ ᠪᠢᠳᠠᠨ ᠤ ᠠᠮᠢᠳᠤᠷᠠᠯ ᠤᠨ ᠲᠣᠯᠢ  ᠪᠣᠯᠳᠠᠭ᠃ ᠮᠣᠩᠭᠤᠯᠴᠤᠳ ᠰᠢᠨ᠎ᠡ ᠵᠢᠯ  ᠢᠶᠠᠨ ᠠᠷᠢᠭᠤᠨ ᠴᠡᠪᠡᠷ ᠡᠩᠬᠡ ᠰᠠᠶᠢᠬᠠᠨ  ᠤᠭᠲᠤᠪᠠᠯ ᠢᠷᠡᠬᠦ ᠵᠢᠯ ᠳᠡᠭᠡᠨ ᠡᠷᠡᠭᠦᠯ ᠮᠠᠠᠳᠤ᠂ ᠬᠡᠰᠢᠭ ᠪᠤᠶᠠᠨ ᠠᠷᠪᠢᠵᠢᠨ ᠬᠡᠶᠢᠮᠣᠷᠢ ᠲᠠᠢ ᠪᠠᠶᠢᠬᠤ ᠶᠢ ᠪᠡᠯᠭᠡᠰᠢᠶᠡᠵᠦ᠂  ᠰᠢᠨᠡᠯᠡᠬᠦ   ᠠᠴᠠ ᠡᠮᠦᠨ᠎ᠡ ᠭᠬᠢᠷ ᠪᠤᠷᠲᠠᠭ ᠢᠶᠠᠨ ᠤᠬᠢᠶᠠᠵᠤ᠂ ᠬᠠᠨ᠎ᠠ ᠬᠡᠷᠡᠮ ᠤᠨ ᠢᠶᠠᠨ ᠬᠤᠭ ᠲᠣᠭᠤᠰᠣ   ᠶᠢ ᠰᠢᠭᠦᠷᠳᠠᠨ᠂ ᠬᠤᠷᠭᠤ ᠰᠠᠪᠠ ᠪᠠᠨ ᠴᠡᠪᠡᠷᠯᠡᠨ ᠲᠢᠭᠯᠡᠵᠥ᠂ ᠬᠠᠰᠢᠶ᠎ᠠ ᠬᠦᠷᠢᠶ᠎ᠡ ᠪᠠᠨ ᠡᠪ ᠲᠢᠭ ᠲᠠᠢ ᠪᠣᠯᠭᠠᠬᠤ ᠮᠡᠲᠦ ᠶᠢᠨ ᠠᠷᠢᠭᠤᠨ ᠴᠡᠪᠡᠷᠯᠡᠭᠡ ᠶᠢᠨ ᠠᠵᠢᠯ ᠭᠡᠳᠡᠭ ᠶᠤᠮ᠃              ᠭᠡᠷ ᠢᠶᠠᠨ ᠴᠡᠪᠡᠷᠯᠡᠬᠦ ᠨᠢ ᠪᠠᠰᠠ ᠰᠠᠳᠭᠡᠯ ᠰᠠᠨᠠᠭ᠎ᠠ ᠪᠠᠨ ᠴᠡᠪᠡᠷᠯᠡᠵᠦ ᠪᠠᠶᠢᠬᠤ  ᠶᠠᠪᠤᠳᠠᠯ ᠮᠥᠨ᠃ ᠭᠡᠷ ᠤᠨ ᠡᠳ᠋ ᠪᠣᠳᠠᠰ ᠢᠶᠠᠨ ᠲᠠᠰ ᠲᠠᠷᠠᠭ᠎ᠠ ᠲᠠᠢ ᠪᠠᠶᠢᠯᠭᠠᠬᠤ ᠪᠣᠯ ᠨᠢᠭᠡ ᠵᠦᠢᠯ ᠤᠨ ᠠᠮᠢᠳᠤᠷᠠᠯ ᠤᠨ ᠵᠠᠩᠰᠢᠯ ᠪᠣᠯᠬᠤ ᠶᠤᠮ᠃ ᠭᠡᠷ   ᠤᠨ ᠠᠷᠢᠭᠤᠨ ᠴᠡᠪᠡᠷ ᠨᠢ ᠪᠠᠶᠠᠨ ᠶᠠᠳᠠᠭᠤ ᠲᠠᠢ ᠬᠤᠯᠪᠣᠭ᠎ᠠ ᠦᠭᠡᠢ᠂ ᠰᠤᠷᠤᠯᠭ᠎ᠠ ᠶᠢᠨ ᠨᠠᠮᠲᠠᠷ ᠲᠠᠢ  ᠴᠤ ᠬᠠᠷᠢᠴᠠᠭ᠎ᠠ ᠦᠭᠡᠢ᠂ ᠬᠠᠷᠢᠨ ᠠᠮᠢᠳᠤᠷᠠᠬᠤᠢ ᠶᠢᠨ ᠣᠪᠣᠷ ᠲᠠᠢ ᠬᠤᠯᠪᠣᠭᠳᠠᠳᠠᠭ᠃ ᠭᠡᠷ ᠤᠨ ᠡᠳ᠋ ᠬᠥᠷᠥᠩᠭᠡ ᠨᠢ ᠬᠡᠳᠦᠢ ᠠᠷᠪᠢᠨ ᠪᠠᠶᠢᠯ᠎ᠠ ᠭᠡᠳ ᠠᠷᠴᠢᠵᠤ ᠴᠡᠪᠡᠷᠯᠡᠬᠦ ᠦᠭᠡᠢ ᠪᠣᠯ  ᠥᠩᠭᠡ ᠨᠢ ᠳᠠᠷᠤᠭᠳᠠᠵᠤ ᠴᠢᠨᠠᠷ ᠨᠢ ᠪᠠᠭᠤᠷᠠᠨ᠎ᠠ ᠰᠢᠤ᠃          ᠠᠷᠢᠭᠤᠨ ᠴᠡᠪᠡᠷᠯᠡᠭᠡ ᠬᠢᠬᠦ ᠪᠣᠯ ᠬᠡᠦᠬᠡᠳ ᠢᠶᠠᠨ ᠬᠥᠮᠥᠵᠢᠭᠦᠯᠬᠦ ᠶᠠᠪᠤᠴᠠ ᠮᠥᠨ᠃ ᠭᠡᠷ ᠤᠨ ᠠᠵᠢᠯ ᠠᠬᠤᠢ ᠬᠢᠬᠦ ᠨᠢ ᠪᠡᠶ᠎ᠡ ᠶᠢᠨ ᠭᠦᠳᠡᠯᠮᠣᠷᠢ ᠳᠤ   ᠬᠠᠷᠢᠶᠠᠯᠠᠭᠳᠠᠵᠤ ᠪᠠᠶᠢᠳᠠᠭ᠃ ᠭᠦᠳᠡᠯᠮᠣᠷᠢ ᠶᠢ  ᠬᠠᠶᠢᠷᠠᠯᠠᠬᠤ ᠪᠣᠯ ᠬᠥᠮᠥᠨ   ᠲᠥᠷᠥᠯᠬᠢᠲᠡᠨ ᠤ ᠬᠠᠮᠤᠭ ᠤᠨ ᠪᠣᠯᠪᠠᠰᠤᠨ ᠰᠤᠷᠲᠠᠯ  ᠶᠤᠮ᠃ ᠠᠷᠢᠭᠤᠨ ᠴᠡᠪᠡᠷ᠂ ᠬᠠᠯᠠᠭᠤᠨ ᠳᠤᠯᠠᠭᠠᠨ ᠣᠷᠴᠢᠨ ᠲᠣᠭᠤᠷᠢᠨ ᠳᠤ ᠬᠡᠦᠬᠡᠳ ᠪᠠᠶᠠᠷ ᠪᠠᠶᠠᠰᠤᠯ ᠢᠶᠠᠷ ᠪᠢᠯᠬᠠᠮ᠎ᠠ ᠪᠠᠶᠢᠳᠠᠭ᠃ ᠪᠠᠶᠠᠷ ᠪᠠᠶᠠᠰᠤᠩᠭᠤᠢ ᠪᠠᠶᠢᠬᠤ ᠨᠢ ᠬᠡᠦᠬᠡᠳ  ᠤᠨ ᠡᠷᠡᠭᠦᠯ ᠰᠠᠷᠠᠭᠤᠯ ᠦᠰᠦᠨ  ᠪᠣᠶᠢᠵᠢᠬᠤ᠂ ᠠᠪᠢᠶᠠᠰ ᠪᠢᠯᠢᠭ ᠢ  ᠨᠡᠭᠡᠭᠳᠡᠭᠦᠯᠬᠦ᠂ ᠰᠣᠷᠣᠯᠴᠠᠬᠤ ᠤᠷᠮ᠎ᠠ ᠶᠢ ᠬᠥᠭᠵᠢᠭᠡᠬᠦ ᠳᠤ ᠴᠢᠬᠤᠯᠠ ᠰᠠᠭᠤᠷᠢ ᠪᠣᠯᠳᠠᠭ ᠶᠤᠮ᠂ ᠡᠶᠢᠮᠦ ᠪᠠᠷ ᠢᠶᠠᠨ ᠪᠢᠳᠡ ︽ᠭᠡᠷ︾ ᠲᠤ ᠪᠠᠨ ᠪᠦᠭᠦ ᠰᠠᠳᠭᠡᠯ  ᠢᠶᠠᠨ᠂ ᠪᠦᠲᠦᠨ ᠵᠠᠶᠠᠭ᠎ᠠ ᠪᠠᠨ᠂ ᠪᠦᠷᠢᠨ ᠬᠠᠷᠢᠭᠤᠴᠠᠯᠭ᠎ᠠ ᠪᠠᠨ  ᠵᠣᠷᠢᠭᠤᠯᠤᠶ᠎ᠠ  ︕    
 
ᠢᠷᠡᠯᠲᠡ᠄ ᠥᠪᠥᠷ ᠮᠣᠩᠭᠤᠯ ᠤᠨ ᠠᠮᠢᠳᠤᠷᠠᠯ ᠭᠠᠷᠠᠭ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号