ᠪᠠᠷᠠᠭᠤᠨ ᠦᠵᠦᠮᠦᠴᠢᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠡᠭᠦᠷᠭᠡ ᠲᠤᠰᠢᠶᠠᠯ
ᠨᠡᠶᠢᠲᠡᠯᠡᠭᠰᠡᠨ ᠴᠠᠭ᠄
2024/3/27
     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠠᠯ᠎ᠠ ᠪᠠᠷ ᠬᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠬᠠᠷᠢᠭᠤᠴᠠᠨ ᠪᠠᠲᠤᠯᠠᠨ᠎ᠠ᠃ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠪᠥᠬᠦ ᠬᠤᠰᠢᠭᠤᠨ ᠤ ᠤᠰᠤᠨ ᠤ ᠡᠬᠢ ᠪᠠᠶᠠᠯᠢᠭ ᠤᠨ ᠲᠥᠯᠦᠪᠵᠢᠭᠦᠯᠭᠡ᠂ ᠴᠢᠬᠤᠯᠠ ᠭᠤᠣᠯ ᠮᠥᠷᠡᠨ ᠨᠠᠭᠤᠷ ᠴᠥᠭᠦᠷᠥᠮ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠦᠪᠵᠢᠭᠦᠯᠭᠡ᠂ ᠦᠶᠡᠷ ᠢ ᠰᠡᠷᠭᠡᠶᠢᠯᠡᠬᠦ ᠲᠥᠯᠦᠪᠵᠢᠭᠦᠯᠭᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃     ︵ᠬᠤᠶᠠᠷ︶ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠡᠷᠡᠭᠯᠡᠬᠦ ᠤᠰᠤ ᠶᠢ ᠨᠢᠭᠡᠳᠦᠯᠲᠡᠢ ᠲᠥᠯᠥᠪᠯᠡᠬᠦ ᠪᠠ ᠪᠠᠲᠤᠯᠠᠬᠤ ᠶᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠪᠥᠬᠦ ᠬᠤᠰᠢᠭᠤᠨ ᠤ ᠤᠰᠤᠨ ᠤ ᠳᠤᠮᠳᠠ ᠣᠷᠳᠣ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠦᠪᠵᠢᠭᠦᠯᠭᠡ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠥᠯ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠰᠠᠪᠠ ᠭᠠᠵᠠᠷ ᠤᠨ ᠤᠰᠤ ᠲᠠᠲᠠᠬᠤ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠨ᠎ᠠ᠃ ᠤᠰᠤ ᠲᠠᠲᠠᠬᠤ ᠶᠢ ᠵᠥᠪᠰᠢᠶᠡᠷᠡᠬᠦ᠂ ᠤᠰᠤᠨ ᠤ ᠡᠬᠢ ᠪᠠᠶᠠᠯᠢᠭ ᠢ ᠨᠤᠲᠠᠯᠠᠬᠤ ᠪᠠ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠪᠠᠷ ᠬᠡᠷᠡᠭᠯᠡᠬᠦ ᠠᠵᠢᠯ ᠢ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ ᠪᠠ ᠰᠤᠮᠤ ᠰᠢᠶᠠᠩ ᠪᠠᠯᠭᠠᠰᠤ ᠶᠢᠨ ᠤᠰᠤ ᠬᠠᠩᠭᠠᠬᠤ ᠠᠵᠢᠯ ᠢ ᠵᠢᠯᠣᠭᠤᠳᠤᠨ᠎ᠠ᠃     ︵ᠭᠤᠷᠪᠠ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠲᠣᠬᠢᠷᠠᠭᠤᠯᠬᠤ ᠰᠠᠨᠠᠭᠤᠯᠭ᠎ᠠ ᠶᠢ ᠬᠠᠷᠢᠭᠤᠴᠠᠨ ᠳᠤᠷᠠᠳᠴᠤ᠂ ᠲᠥᠷᠥᠯ ᠵᠦᠢᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠥᠯᠦᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠲᠥᠷᠥᠯ ᠵᠦᠢᠯ ᠢ ᠬᠢᠨᠠᠨ ᠬᠠᠮᠢᠶᠠᠷᠴᠦ᠂ ᠬᠢᠨᠠᠨ ᠵᠥᠪᠰᠢᠶᠡᠷᠡᠨ᠎ᠡ᠃     ︵ᠳᠥᠷᠪᠡ︶ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠬᠤᠰᠢᠭᠤ ᠨᠠᠮ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃     ︵ᠲᠠᠪᠤ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢ ᠵᠢᠯᠣᠭᠤᠳᠤᠨ᠎ᠠ᠃     ︵ᠵᠢᠷᠭᠤᠭ᠎ᠠ︶ ᠤᠰᠤ ᠠᠷᠪᠢᠯᠠᠵᠤ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠰᠤ ᠶᠢ ᠠᠷᠪᠢᠯᠠᠵᠤ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠤᠰᠤ ᠶᠢ ᠠᠷᠪᠢᠯᠠᠵᠤ ᠬᠡᠷᠡᠭᠯᠡᠬᠦ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠲᠠᠭᠠᠨ᠎ᠠ᠃ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠤᠭᠤᠳᠬᠤ ᠪᠠ ᠲᠦᠯᠬᠢᠨ ᠠᠬᠢᠭᠤᠯᠤᠨ᠎ᠠ᠃     ︵ᠳᠣᠯᠤᠭ᠎ᠠ︶ ᠬᠤᠰᠢᠭᠤ ᠱᠠᠲᠤᠨ ᠤ ᠤᠰᠤᠨ ᠤ ᠡᠬᠢ ᠪᠠᠶᠠᠯᠢᠭ ᠢ ᠬᠢᠨᠠᠨ ᠬᠡᠮᠵᠢᠬᠦ ᠥᠷᠲᠡᠭᠡ ᠲᠣᠣᠷ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃ ᠭᠤᠣᠯ ᠨᠠᠭᠤᠷ ᠴᠥᠭᠦᠷᠥᠮ ᠪᠠ ᠭᠠᠵᠠᠷ ᠳᠣᠣᠷᠠᠬᠢ ᠤᠰᠤᠨ ᠳᠤ ᠬᠢᠨᠠᠨ ᠬᠡᠮᠵᠢᠯᠲᠡ ᠬᠢᠵᠦ᠂ ᠤᠰᠤᠨ ᠤ ᠡᠬᠢ ᠪᠠᠶᠠᠯᠢᠭ ᠤᠨ ᠮᠡᠳᠡᠭᠡ ᠵᠠᠩᠭᠢ᠂ ᠮᠡᠳᠡᠭᠡᠯᠡᠯ ᠤᠨ ᠤᠷᠢᠳᠴᠢᠯᠠᠭᠰᠠᠨ ᠮᠡᠳᠡᠭᠡ ᠪᠠ ᠬᠤᠰᠢᠭᠤᠨ ᠤ ᠤᠰᠤᠨ ᠤ ᠡᠬᠢ ᠪᠠᠶᠠᠯᠢᠭ ᠤᠨ ᠠᠯᠪᠠᠨ ᠮᠡᠳᠡᠭᠡ ᠶᠢ ᠨᠡᠶᠢᠲᠡᠯᠡᠨ᠎ᠡ᠃ ᠤᠰᠤᠨ ᠤ ᠡᠬᠢ ᠪᠠᠶᠠᠯᠢᠭ ᠪᠠ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠨᠠᠢᠮᠠ︶ ᠤᠰᠦᠠ ᠠᠰᠢᠭᠯᠠᠯᠲᠠ ᠶᠢᠨ ᠲᠥᠬᠦᠭᠡᠷᠦᠮᠵᠢ᠂ ᠤᠰᠦᠠ ᠣᠷᠣᠨ ᠵᠢᠴᠢ ᠭᠤᠣᠯ ᠤᠨ ᠡᠷᠭᠢ ᠶᠢᠨ ᠱᠤᠭᠤᠮ ᠢ ᠬᠠᠮᠢᠶᠠᠷᠬᠤ᠂ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠥᠬᠦ ᠬᠤᠰᠢᠭᠤᠨ ᠤ ᠴᠢᠬᠤᠯᠠ ᠭᠤᠣᠯ ᠮᠥᠷᠡᠨ᠂ ᠨᠠᠭᠤᠷ ᠴᠥᠭᠦᠷᠥᠮ ᠢ ᠵᠠᠰᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠶᠢ ᠵᠢᠯᠣᠭᠤᠳᠤᠨ᠎ᠠ᠃ ᠪᠥᠬᠦ ᠬᠤᠰᠢᠭᠤᠨ ᠤ ᠭᠤᠣᠯ ᠨᠠᠭᠤᠷ ᠤᠨ ᠤᠰᠤᠨ ᠤ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ ᠭᠤᠣᠯ ᠨᠠᠭᠤᠷ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠤᠰᠤᠨ ᠤ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠣᠯ ᠨᠠᠭᠤᠷ ᠤᠨ ᠤᠰᠤᠨ ᠤ ᠰᠢᠰᠲ᠋ᠧᠮ ᠢ ᠬᠤᠯᠪᠣᠨ ᠨᠡᠪᠲᠡᠷᠡᠭᠦᠯᠬᠦ ᠠᠵᠢᠯ ᠢ ᠵᠢᠯᠣᠭᠤᠳᠤᠨ᠎ᠠ᠃     ︵ᠶᠢᠰᠦ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠪᠣᠯᠣᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ ᠪᠠᠷᠢᠯᠭ᠎ᠠ ᠶᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ᠎ᠠ᠃ ᠪᠥᠬᠦ ᠬᠤᠰᠢᠭᠤᠨ ᠤ ᠦᠶᠡᠷ ᠤᠰᠤᠳᠠᠯ ᠭᠠᠩ ᠤᠨ ᠭᠠᠮᠰᠢᠭ ᠢ ᠰᠡᠷᠭᠡᠶᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃     ︵ᠠᠷᠪᠠ︶ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠨ᠎ᠡ᠃ ᠳᠡᠭᠡᠳᠦ ᠱᠠᠲᠤᠨ ᠤ ᠲᠣᠭᠲᠠᠭᠠᠭᠰᠠᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠠᠷᠪᠠᠨ ᠨᠢᠭᠡ︶ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ᠮᠠᠯᠵᠢᠬᠤ ᠣᠷᠣᠨ ᠤ ᠤᠤᠭᠤᠬᠤ ᠤᠰᠤᠨ ᠤ ᠠᠶᠤᠯ ᠦᠭᠡᠢ ᠶᠢᠨ  ᠢᠨᠵᠧᠨᠡᠸ᠋ᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号