ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2024/3/27
     ︵ᠨᠢᠭᠡ︶ ᠪᠥᠬᠦ ᠬᠤᠰᠢᠭᠤᠨ ᠤ ︽ᠲᠠᠷᠢᠶᠠᠯᠠᠩ ᠮᠠᠯ ᠠᠵᠤ ᠠᠬᠤᠢ ᠲᠠᠷᠢᠶᠠᠴᠢᠨ ᠮᠠᠯᠴᠢᠨ ᠲᠠᠷᠢᠶᠠᠴᠢᠨ︾ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠨ ᠰᠤᠳᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ᠂ ᠮᠠᠯᠵᠢᠬᠤ ᠲᠠᠷᠢᠶᠠᠯᠠᠬᠤ ᠣᠷᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠲᠥᠰᠥᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠪᠦᠷᠢᠨᠰᠢᠭᠦᠯᠦᠨ᠎ᠡ᠃    ︵ᠬᠤᠶᠠᠷ︶ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠬᠥᠳᠡᠭᠡ ᠲᠣᠰᠬᠤᠨ ᠮᠠᠯᠵᠢᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠪᠠᠶᠢᠴᠠᠭᠠᠨ ᠰᠤᠳᠤᠯᠤᠯᠲᠠ ᠶᠢ   ᠡᠭᠦᠷᠭᠡᠯᠡᠨ᠎ᠡ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ᠂ ᠣᠯᠠᠨ ᠨᠡᠶᠢᠲᠡ ᠶᠢᠨ ᠦᠢᠯᠡᠴᠢᠯᠡᠭᠡᠨ᠂ ᠰᠠᠭᠤᠷᠢ ᠪᠡᠯᠡᠳᠬᠡᠮᠵᠢ ᠪᠠ ᠮᠠᠯᠵᠢᠬᠤ ᠲᠠᠷᠢᠶᠠᠯᠠᠬᠤ ᠣᠷᠣᠨ ᠤ ᠵᠠᠰᠠᠯᠲᠠ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠪᠠ ᠦᠢᠯᠡᠳᠪᠦᠷᠢᠯᠡᠯ ᠤᠨ ᠣᠷᠴᠢᠨ ᠲᠣᠭᠤᠷᠢᠨ ᠤ ᠰᠠᠶᠢᠵᠢᠷᠠᠯᠲᠠ ᠶᠢ ᠲᠦᠷᠦᠭᠦᠯᠡᠨ ᠵᠣᠬᠢᠴᠠᠭᠤᠯᠤᠨ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠤᠶᠤᠨ ᠤ ᠪᠣᠯᠪᠠᠰᠤᠨ᠂ ᠨᠡᠭᠦᠳᠡᠯ ᠮᠠᠯᠵᠢᠯ ᠤᠨ ᠰᠣᠶᠣᠯ ᠪᠣᠯᠣᠨ ᠲᠠᠯ᠎ᠠ ᠨᠤᠲᠤᠭ ᠤᠨ ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃     ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠦᠨᠳᠦᠰᠦᠨ ᠡᠵᠡᠩᠨᠡᠯᠲᠡ ᠶᠢᠨ ᠳᠦᠷᠢᠮ ᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠮᠠᠯᠴᠢᠨ ᠲᠠᠷᠢᠶᠠᠴᠢᠨ ᠤ ᠳᠠᠭᠠᠭᠠᠴᠢᠯᠠᠭᠰᠠᠨ ᠭᠠᠵᠠᠷ᠂ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠢᠯᠤᠭᠤᠳᠴᠤ᠂ ᠲᠠᠷᠢᠶᠠᠨ ᠭᠠᠵᠠᠷ ᠤᠨ ᠬᠡᠷᠡᠭᠯᠡᠬᠦ ᠡᠷᠬᠡ ᠶᠢᠨ ᠡᠷᠭᠢᠯᠲᠡ ᠳᠤ ᠬᠢᠨᠠᠯᠲᠠ ᠲᠠᠯᠪᠢᠵᠤ᠂ ᠳᠠᠭᠠᠭᠠᠴᠢᠯᠠᠯᠲᠠ ᠶᠢᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠠᠵᠢᠯ ᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ᠂ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠪᠠ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠯᠤᠭᠤᠳᠴᠤ᠂ ᠮᠠᠯᠴᠢᠨ ᠲᠠᠷᠢᠶᠠᠴᠢᠳ ᠤᠨ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠥᠭᠵᠢᠯᠲᠡ ᠶᠢ ᠮᠠᠯᠴᠢᠨ ᠲᠠᠷᠢᠶᠠᠴᠢᠨ ᠤ ᠳᠠᠷᠤᠭᠠᠰᠤ ᠶᠢ ᠬᠥᠩᠭᠡᠷᠡᠭᠦᠯᠬᠦ ᠳᠤ ᠬᠢᠨᠠᠯᠲᠠ ᠲᠠᠯᠪᠢᠵᠤ᠂ ᠮᠠᠯᠴᠢᠨ ᠲᠠᠷᠢᠶᠠᠴᠢᠨ ᠤ ᠪᠡᠯᠡ ᠮᠥᠩᠭᠦ ᠬᠥᠳᠡᠯᠮᠦᠷᠢ ᠬᠦᠴᠦ ᠴᠤᠭᠯᠠᠭᠤᠯᠬᠤ ᠠᠵᠢᠯ ᠢ ᠵᠢᠯᠣᠭᠤᠳᠤᠨ᠎ᠠ᠃     ︵ᠳᠥᠷᠪᠡ︶ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠦᠯᠦᠭᠰᠡᠨ ᠡᠵᠡᠩᠨᠡᠯᠲᠡ ᠶᠢᠨ ᠲᠥᠷᠥ ᠶᠢᠨ ᠪᠣᠳᠣᠯᠭ᠎ᠠ᠂ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭᠲᠤ ᠠᠵᠤ ᠦᠢᠯᠡᠰ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ᠂ ᠰᠡᠯᠡᠭᠦᠴᠡᠯ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠪᠠ ᠠᠵᠤ ᠦᠶᠢᠯᠡᠰᠵᠢᠯᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠤᠭᠤᠳᠴᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠵᠢᠯᠣᠭᠤᠳᠤᠨ᠎ᠠ᠃     ︵ᠲᠠᠪᠤ︶ ᠶᠡᠭᠡ ᠬᠡᠮᠵᠢᠶᠡᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢᠨ ᠲᠥᠯᠦᠪᠵᠢᠭᠦᠯᠭᠡ ᠶᠢ ᠰᠤᠳᠤᠯᠤᠨ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ ᠬᠠᠮᠠᠭᠠᠯᠠᠨ᠎ᠠ᠃ ᠲᠠᠷᠢᠶᠠᠯᠠᠩ ᠮᠠᠯ ᠠᠵᠤ ᠠᠬᠤᠢ ᠪᠠ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠯᠲᠠ ᠬᠢᠵᠦ᠂ ᠲᠠᠷᠢᠶᠠᠯᠠᠩ ᠮᠠᠯ ᠠᠵᠤ ᠠᠬᠤᠢ ᠪᠠ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠮᠡᠳᠡᠭᠡ ᠵᠠᠩᠭᠢ ᠶᠢ ᠪᠦᠷᠢᠳᠬᠡᠬᠦ ᠪᠠ ᠨᠡᠶᠢᠲᠡᠯᠡᠬᠦ ᠠᠵᠢᠯ ᠢ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠵᠢᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃    ︵ᠵᠢᠷᠭᠤᠭ᠎ᠠ︶ ᠮᠠᠯ ᠠᠵᠤ ᠠᠬᠤᠢ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠵᠡᠷᠭᠡ ᠡᠯ᠎ᠡ ᠠᠵᠤ ᠦᠢᠯᠡᠰ ᠢ ᠵᠢᠯᠤᠭᠤᠳᠬᠤ᠂ ᠦᠢᠯᠡᠴᠢᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠮᠢᠬᠠᠨ ᠤ ᠵᠦᠢᠯ᠂  ᠰᠦ ᠶᠢᠨ ᠦᠢᠯᠡᠰ᠂ ᠲᠡᠵᠢᠭᠡᠯ ᠡᠪᠡᠰᠦ ᠪᠣᠷᠳᠤᠭ᠎ᠠ ᠵᠡᠷᠭᠡ ᠭᠤᠣᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ ᠪᠠ ᠡᠵᠡᠩᠨᠡᠯᠲᠡ ᠶᠢᠨ ᠰᠢᠰᠲ᠋ᠧᠮᠵᠢ ᠶᠢ ᠵᠣᠬᠢᠶᠠᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠬᠥᠲᠥᠯᠥᠨ ᠵᠢᠯᠤᠭᠤᠳᠴᠤ᠂ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠦᠢᠯᠡᠳᠪᠦᠷᠢᠯᠡᠯ ᠢ ᠵᠢᠯᠤᠭᠤᠳᠴᠤ᠂ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠣᠬᠢᠷᠲᠤᠯ ᠦᠭᠡᠢ ᠠᠮᠤᠷ ᠲᠦᠪᠰᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃    ︵ᠲᠤᠯᠤᠭ᠎ᠠ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢ ᠬᠢᠨᠠᠨ ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢᠨ ᠪᠠᠶᠢᠳᠠᠯ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠤᠭᠤᠳᠴᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢᠨ   ᠪᠠᠶᠢᠭᠤᠯᠤᠯᠲᠠ᠂ ᠨᠡᠶᠢᠲᠡ ᠳᠤ ᠬᠤᠣᠷᠳᠠᠭᠳᠠᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠪᠣᠬᠢᠷᠲᠤᠯ ᠦᠭᠡᠢ ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ᠂ ᠭᠠᠵᠠᠷ ᠵᠦᠢ ᠶᠢᠨ ᠪᠡᠯᠭᠡ ᠲᠡᠮᠳᠡᠭᠲᠦ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃     ︵ᠨᠠᠢᠮᠠ︶ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠬᠡᠷᠡᠭᠯᠡᠬᠦ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠲᠠᠷᠢᠶᠠᠨ ᠭᠠᠵᠠᠷ ᠵᠢᠴᠢ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠲᠠᠷᠢᠶᠠᠨ ᠭᠠᠵᠠᠷ ᠤᠨ ᠶᠠᠰᠤ ᠴᠢᠨᠠᠷ᠂ ᠬᠠᠮᠠᠭᠠᠯᠠᠯᠲᠠ ᠪᠠ ᠠᠷᠢᠭᠤᠨ ᠴᠡᠪᠡᠷ ᠦᠢᠯᠡᠳᠪᠦᠷᠢᠯᠡᠯ ᠢ ᠬᠠᠤᠯᠢ ᠶᠣᠰᠣᠭᠠᠷ ᠬᠠᠮᠢᠶᠠᠷᠤᠨ᠎ᠠ᠃    ︵ᠶᠢᠰᠦ︶ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠣᠨ ᠣᠷᠣᠭᠤᠯᠤᠯᠲᠠ ᠶᠢᠨ ᠡᠯ᠎ᠡ ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠣᠨ ᠣᠷᠣᠭᠤᠯᠤᠯᠲᠠ ᠶᠢᠨ ᠡᠯ᠎ᠡ ᠬᠤᠯᠪᠣᠭᠳᠠᠯ ᠪᠦᠬᠦᠢ ᠤᠯᠤᠰ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠦᠷ᠎ᠡ ᠶᠢᠨ ᠮᠠᠯ᠂ ᠵᠢᠭᠦᠷᠲᠡᠨ᠂ ᠮᠠᠯ ᠤᠨ ᠡᠮ᠂ ᠲᠡᠵᠢᠭᠡᠯ ᠪᠣᠷᠳᠤᠭ᠎ᠠ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠦᠢᠯᠡᠳᠪᠦᠷᠢᠯᠡᠵᠦ ᠪᠣᠷᠣᠯᠠᠭᠤᠯᠬᠤ ᠵᠥᠪᠰᠢᠶᠡᠷᠡᠯ ᠬᠢᠭᠡᠳ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠥᠷᠨᠢᠭᠦᠯᠦᠨ᠎ᠡ᠃ ᠡᠪᠡᠰᠦ ᠪᠣᠷᠳᠤᠭ᠎ᠠ᠂ ᠮᠠᠯ ᠤᠨ ᠡᠮ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃     ︵ᠠᠷᠪᠠ︶ ᠲᠡᠵᠢᠭᠡᠯ ᠡᠪᠡᠰᠦᠨ ᠤ ᠡᠪᠡᠳᠴᠢᠨ ᠬᠤᠷᠣᠬᠠᠢ ᠶᠢᠨ ᠬᠥᠨᠥᠭᠡᠯ᠂ ᠮᠠᠯ ᠵᠢᠭᠦᠷᠲᠡᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠵᠤ᠂ ᠠᠮᠢᠳᠠᠨ ᠤ ᠬᠢᠵᠢᠭ ᠢ ᠰᠡᠷᠭᠡᠶᠢᠯᠡᠬᠦ ᠪᠠ ᠬᠢᠵᠢᠭ ᠢ ᠪᠠᠶᠢᠴᠠᠭᠠᠬᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠥᠯ ᠢ ᠲᠤᠭᠤᠷᠪᠢᠨ ᠪᠢᠴᠢᠨ᠎ᠡ᠃ ᠠᠮᠢᠲᠠᠨ ᠤ ᠬᠢᠵᠢᠭ ᠢ ᠰᠡᠷᠭᠡᠶᠢᠯᠡᠬᠦ ᠪᠠ ᠬᠢᠵᠢᠭ ᠢ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠵᠢᠯᠤᠭᠤᠳᠴᠤ᠂ ᠪᠦᠭᠦ ᠬᠤᠰᠢᠭᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠬᠢᠵᠢᠭ ᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠪᠠ ᠬᠢᠨᠠᠯᠲᠠ ᠲᠠᠯᠪᠢᠵᠤ᠂ ᠭᠡᠨᠡᠳᠲᠡ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠠᠮᠢᠲᠠᠨ ᠤ ᠬᠥᠨᠥᠭᠡᠯᠲᠡᠢ ᠠᠮᠢᠳᠤ ᠪᠣᠳᠠᠰ ᠢ ᠨᠡᠶᠢᠳᠡᠮ ᠪᠠᠶᠢᠴᠠᠭᠠᠬᠤ ᠪᠠ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠮᠠᠯ ᠡᠮᠨᠡᠯᠭᠡ ᠶᠢᠨ ᠡᠩᠨᠡᠭᠡ᠂ ᠮᠠᠯ ᠤᠨ ᠡᠮ ᠪᠠ ᠨᠢᠲᠤᠯᠬᠤ ᠠᠵᠢᠯ ᠲᠦᠷᠦᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠠᠷᠪᠠᠨ ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠ ᠨᠡᠶᠢᠲᠡᠯᠡᠵᠦ᠂ ᠮᠠᠯ ᠤᠨ ᠡᠮ᠂ ᠲᠡᠵᠢᠭᠡᠯ ᠡᠪᠡᠰᠦ ᠲᠡᠵᠢᠭᠡᠯ ᠪᠣᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠪᠠ ᠲᠣᠬᠢᠷᠠᠭᠤᠯᠬᠤ ᠶᠢ ᠵᠣᠬᠢᠶᠠᠨ ᠪᠠᠶᠢᠭᠤᠯᠵᠤ᠂ ᠦᠢᠯᠡᠳᠪᠦᠷᠢᠯᠡᠯ ᠢᠶᠠᠷ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠰᠠᠨᠠᠭᠤᠯᠭ᠎ᠠ ᠶᠢ ᠳᠤᠷᠠᠳᠴᠤ᠂ ᠪᠠᠴᠢᠮ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠰᠡᠷᠭᠦᠭᠡᠬᠦ ᠶᠢ ᠵᠢᠯᠣᠭᠤᠳᠤᠨ᠎ᠠ᠃    ︵ᠠᠷᠪᠠᠨ ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠲᠡᠳᠬᠦᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠵᠢᠴᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠰᠠᠨᠠᠭᠤᠯᠭ᠎ᠠ ᠶᠢ ᠳᠤᠷᠠᠳᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠱᠠᠲᠤᠨ ᠤ ᠡᠳ᠋ ᠤᠨ ᠵᠠᠰᠠᠭ ᠠᠴᠠ ᠲᠣᠬᠢᠷᠠᠭᠤᠯᠤᠭᠰᠠᠨ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠲᠠᠷᠢᠶᠠᠯᠠᠩ ᠤᠨ ᠤᠰᠤᠨ ᠠᠰᠢᠭᠯᠠᠯᠲᠠ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠲᠠᠷᠢᠶᠠᠯᠠᠩ ᠤᠨ ᠪᠦᠬᠦ ᠲᠠᠯ᠎ᠠ ᠪᠠᠷ ᠨᠡᠭᠡᠭᠡᠨ ᠬᠥᠭᠵᠢᠭᠦᠯᠬᠦ ᠲᠥᠯᠥᠪᠯᠡᠭᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠰᠠᠯᠠᠭ᠎ᠠ ᠮᠥᠴᠢᠷ ᠤᠨ ᠲᠥᠰᠥᠪ ᠢ ᠨᠠᠶᠢᠷᠠᠭᠤᠯᠤᠨ ᠮᠡᠳᠡᠬᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ᠂ ᠪᠥᠬᠦ ᠬᠤᠰᠢᠭᠤᠨ ᠤ ᠲᠥᠯᠦᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠰᠢᠯᠭᠠᠬᠤ ᠪᠠ ᠬᠢᠨᠠᠨ ᠵᠥᠪᠰᠢᠶᠡᠷᠡᠵᠦ᠂ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠲᠣᠬᠢᠷᠠᠭᠤᠯᠤᠯᠲᠠ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    ︵ᠠᠷᠪᠠᠨ ᠭᠤᠷᠪᠠ︶ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ᠂ ᠮᠡᠷᠭᠡᠵᠢᠯ ᠳᠡᠯᠭᠡᠷᠡᠭᠦᠯᠬᠦ ᠲᠥᠯᠦᠪᠵᠢᠭᠦᠯᠭᠡ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠠᠷᠢᠭᠤᠴᠠᠨ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠵᠢᠯᠣᠭᠤᠳᠤᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠪᠠ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠵᠢᠯᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃    ︵ᠠᠷᠪᠠᠨ ᠳᠥᠷᠪᠡ︶ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠤ ᠠᠵᠢᠯ ᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ᠂ ᠬᠥᠲᠥᠴᠢ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠬᠥᠮᠦᠵᠢᠯ ᠪᠠ ᠨᠡᠭᠡᠭᠡᠨ ᠬᠥᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠮᠠᠯᠵᠢᠬᠤ ᠲᠠᠷᠢᠶᠠᠯᠠᠬᠤ ᠣᠷᠣᠨ ᠤ ᠪᠣᠳᠠᠲᠤ ᠬᠡᠷᠡᠭᠯᠡᠭᠡᠨ ᠤ ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ᠃    ︵ᠠᠷᠪᠠᠨ ᠲᠠᠪᠤ︶ ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠲᠠᠢ ᠬᠠᠮᠲᠤᠷᠠᠯᠴᠠᠬᠤ ᠠᠵᠢᠯ ᠢ ᠲᠦᠷᠦᠭᠦᠯᠡᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠣᠷᠣᠨ ᠤ ᠬᠤᠭᠤᠷᠣᠨᠳᠣᠬᠢ ᠠᠵᠤ ᠠᠬᠤᠢ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠶᠢ ᠲᠤᠰᠠᠯᠠᠬᠤ ᠬᠤᠯᠪᠣᠭᠳᠠᠯ ᠪᠦᠬᠦᠢ ᠲᠥᠷᠥᠯ ᠵᠦᠢᠯ ᠳᠤ ᠣᠷᠣᠯᠴᠠᠨ᠎ᠠ᠃    ︵ᠠᠷᠪᠠᠨ ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃    ︵ᠠᠷᠪᠠᠨ ᠳᠣᠯᠤᠭ᠎ᠠ︶ ᠲᠠᠷᠢᠶᠠᠯᠠᠩ ᠠᠵᠤ ᠦᠢᠯᠡᠳᠪᠦᠷᠢ ᠶᠢᠨ ᠶᠠᠮᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ᠂  ᠬᠤᠰᠢᠭᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠡᠭᠦᠷᠭᠡ ᠬᠠᠷᠢᠭᠤᠴᠠᠯᠭ᠎ᠠ ᠵᠢᠴᠢ  ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠣᠪᠴᠢᠶ᠎ᠠ ᠶᠢᠨ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠶᠢᠨ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠷᠥᠯ ᠵᠦᠢᠯ᠂ ᠬᠤᠰᠢᠭᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠶᠢᠨ ᠲᠠᠷᠢᠶᠠᠨ ᠭᠠᠵᠠᠷ ᠢ ᠴᠡᠭᠴᠡᠯᠡᠨ ᠵᠠᠰᠠᠬᠤ ᠲᠥᠷᠥᠯ ᠵᠦᠢᠯ᠂ ᠬᠤᠰᠢᠭᠤ ᠣᠶ ᠰᠢᠭᠤᠢ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠬᠦ ᠶᠢ ᠬᠠᠷᠢᠭᠤᠴᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ‍ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号