ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ ᠶᠢᠨ ᠴᠣᠩᠬᠤ ᠭᠠᠷᠭᠠᠵᠤ ᠭᠤᠮᠣᠳᠠᠯ ᠱᠠᠭᠠᠷᠳᠠᠯᠭ᠎ᠠ ᠢᠶᠠᠨ ᠰᠢᠭᠤᠳ ᠳᠤᠰᠬᠠᠬᠤ ᠵᠠᠮ ᠢ ᠨᠡᠪᠲᠡᠷᠡᠬᠦᠯᠪᠡ
ᠨᠡᠶᠢᠲᠡᠯᠡᠭᠰᠡᠨ ᠴᠠᠭ᠄
2024/3/28
      ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ ᠶᠢᠨ ᠴᠣᠩᠬᠤ︾ ᠭᠠᠷᠭᠠᠪᠠ᠃      ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ ᠶᠢᠨ ᠴᠣᠩᠬᠤ︾᠎ ᠨᠢ ᠭᠤᠣᠯᠳᠠᠭᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠠᠵᠤ ᠦᠢᠯᠡᠰ ᠤᠨ ᠳᠡᠮᠵᠢᠯᠭᠡ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠵᠡᠷᠭᠡ ᠬᠦᠷᠢᠶᠡᠨ ᠳᠠᠬᠢ ᠠᠮᠠᠯᠠᠯᠲᠠ ᠶᠢᠨ ᠵᠦᠢᠯᠡᠰ ᠤᠨ ᠭᠡᠷ᠎ᠡ ᠵᠥᠷᠢᠴᠡᠵᠦ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠭᠥᠯᠢᠶᠡᠨ ᠠᠪᠴᠤ ᠰᠢᠢᠳᠪᠦᠷᠢᠯᠡᠬᠦ᠂ ᠭᠦᠢᠴᠡᠳᠬᠡᠬᠦ ᠴᠤᠪᠤᠷᠠᠯ ᠤᠨ ᠪᠢᠲᠡᠭᠦᠦ ᠴᠠᠭᠠᠷᠢᠭ ᠬᠠᠮᠢᠶᠠᠷᠤᠯᠲᠠ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠬᠦᠯᠦᠨ᠎ᠡ᠃    ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ ᠶᠢᠨ ᠴᠣᠩᠬᠤ︾᠎ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ︽12345︾᠎ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠲᠠᠢ ᠥᠨᠳᠥᠷ ᠪᠦᠲᠦᠮᠵᠢᠲᠡᠶ ᠵᠣᠯᠭᠠᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠪᠠᠷᠠᠭᠤᠨ ᠦᠵᠦᠮᠦᠴᠢᠨ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠴᠢᠨᠠᠷ ᠰᠠᠶᠢᠲᠠᠢ  ᠬᠦᠭᠵᠢᠯᠳᠡ ᠶᠢ ᠠᠬᠢᠭᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号