ᠪᠠᠷᠠᠭᠤᠨ ᠦᠵᠦᠮᠦᠴᠢᠨ ᠬᠤᠰᠢᠭᠤ ︽ᠵᠠᠭᠤᠨ ᠬᠤᠷᠠᠩᠳᠠ ᠶᠢ ᠵᠠᠭᠤᠨ ᠰᠤᠷᠭᠠᠭᠤᠯᠢ ᠳᠤ ᠣᠷᠣᠭᠤᠯᠬᠤ︾ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/28
      3 ᠰᠠᠷ᠎ᠠ ᠶᠢᠨ 27 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ︽ᠵᠠᠭᠤᠨ ᠨᠡᠷᠡᠰ ᠬᠤᠷᠠᠩᠳᠠ ᠶᠢ ᠵᠠᠭᠤᠨ ᠰᠤᠷᠭᠠᠭᠤᠯᠢ ᠳᠤ ᠣᠷᠣᠭᠤᠯᠬᠤ︾ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠭᠰᠠᠨ ᠬᠤᠷᠠᠯ ᠨᠢᠭᠡᠳᠦᠭᠡᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠬᠤᠷᠠᠯᠳᠤᠪᠠ᠃ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠠᠨ ᡁᠢ ᠪᠢᠨ ᠬᠤᠷᠠᠯ ᠳᠤ ᠣᠷᠣᠯᠴᠠᠵᠤ᠂ ᠤᠬᠠᠭᠤᠯᠬᠤ ᠬᠡᠯᠲᠡᠰ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠵᠢᠴᠢ ᠬᠠᠮᠢᠶ᠎ᠠ ᠪᠦᠬᠦᠢ ᠨᠢᠭᠡᠴᠡ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃     ᠬᠤᠷᠠᠯ ᠠᠴᠠ᠄ ᠰᠢᠨ᠎ᠡ ᠴᠠᠭ ᠦᠶ᠎ᠡ ᠶᠢᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢᠨ ᠴᠡᠷᠢᠭ ᠠᠩᠭᠢ ᠪᠠ ᠣᠷᠣᠨ ᠨᠤᠲᠤᠭ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠲᠠᠨᠢᠬᠤ ᠬᠡᠷᠡᠭᠲᠡᠢ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠶᠢᠨ ᠵᠡᠷᠭᠡᠴᠡᠭᠡᠪᠡᠷ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠤᠬᠠᠮᠰᠠᠷ ᠤᠨ ᠬᠥᠮᠦᠵᠢᠯ ᠢ ᠥᠷᠨᠢᠭᠦᠯᠵᠦ᠂ ᠥᠷᠭᠡᠨ ᠤᠯᠠᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠤᠭᠤᠳᠴᠤ  ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠢ ᠵᠤᠵᠠᠭᠠᠳᠬᠠᠬᠤ ᠬᠡᠷᠡᠭᠲᠡᠢ᠃ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠨ ᠦᠷᠨᠢᠬᠦᠯᠬᠦ ᠬᠡᠷᠡᠭᠳᠡᠢ᠃     ᠬᠤᠷᠠᠯ ᠳᠡᠭᠡᠷ᠎ᠡ᠂ ᠰᠠᠭᠤᠭ᠎ᠠ ᠴᠡᠷᠢᠭ ᠠᠩᠭᠢ ᠪᠣᠯᠣᠨ ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠨᠢ ᠬᠠᠮᠲᠤ ᠰᠠᠭᠤᠵᠤ ᠬᠠᠮᠲᠤ ᠪᠠᠷ ᠪᠠᠶᠢᠭᠤᠯᠬᠤ ᠠᠵᠢᠯ ᠤᠨ ᠲᠥᠰᠥᠯ ᠳᠤ ᠲᠣᠬᠢᠷᠠᠭᠤᠯᠤᠯᠲᠠ ᠬᠢᠵᠦ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠰᠠᠨᠠᠯ ᠢ ᠬᠤᠷᠢᠶᠠᠪᠠ᠃ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ 2024 ᠣᠨ ᠤ ᠠᠵᠢᠯ ᠤᠨ ᠲᠥᠯᠥᠪᠯᠡᠭᠡ ᠪᠠᠨ ᠲᠤᠰᠢᠶᠠᠵᠠᠢ᠃ ᠬᠤᠷᠠᠯ ᠳᠤ ᠣᠷᠣᠯᠴᠠᠭᠰᠠᠨ ᠨᠢᠭᠡᠴᠡ ︽ᠵᠠᠭᠤᠨ ᠬᠤᠷᠠᠩᠳᠠ ᠶᠢ ᠵᠠᠭᠤᠨ ᠰᠤᠷᠭᠠᠭᠤᠯᠢ ᠳᠤ ᠣᠷᠣᠭᠤᠯᠬᠤ︾ ᠠᠵᠢᠯᠯᠠᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号