ᠭᠠᠮᠰᠢᠭᠳᠠᠭᠰᠠᠨ ᠣᠯᠠᠨ ᠲᠦᠮᠡᠨ ᠢ ᠲᠥᠪᠯᠡᠷᠡᠭᠦᠯᠦᠨ ᠲᠥᠪᠬᠢᠨᠡᠭᠦᠯᠬᠦ ᠭᠠᠵᠠᠷ ᠤᠨ ᠬᠠᠮᠢᠶᠠᠷᠤᠯᠲᠠ ᠶᠢ ᠤᠯᠠᠮ | ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠭᠠᠮᠰᠢᠭ ᠠᠴᠠ ᠠᠪᠤᠷᠠᠬᠤ ᠰᠢᠰᠲ᠋ᠧᠮ ᠪᠠ ᠠᠵᠢᠯᠯᠠᠭᠠᠨ ᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠮᠰᠢᠭ ᠡᠭᠦᠰᠬᠦ ᠦᠶ᠎ᠡ ᠳᠤ ᠭᠠᠮᠰᠢᠭᠳᠠᠭᠰᠠᠨ ᠣᠯᠠᠨ ᠲᠦᠮᠡᠨ ᠢ | ᠴᠠᠭ ᠲᠤᠬᠠᠢ ᠳᠤᠨᠢ ᠰᠢᠯᠵᠢᠭᠦᠯᠦᠨ ᠲᠥᠪᠬᠢᠨᠡᠭᠦᠯᠬᠦ ᠶᠢ ᠪᠠᠲᠤᠯᠠᠵᠤ᠂ ᠠᠷᠠᠳ ᠣᠯᠠᠨ ᠤ ᠠᠮᠢ ᠨᠠᠰᠤ ᠪᠠ ᠡᠳ᠋ | ᠬᠦᠢᠷᠣᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ︽ᠪᠠᠶᠢᠭᠠᠯᠢ ᠶᠢᠨ ᠭᠠᠮᠰᠢᠭ ᠠᠴᠠ | ᠠᠪᠤᠷᠠᠨ ᠲᠤᠰᠠᠯᠠᠬᠤ ᠳᠦᠷᠢᠮ︾ ︵ᠳᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 577 ᠳᠤᠭᠠᠷ ᠲᠣᠭᠠᠲᠤ︶ | ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠳᠤᠰ ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠭᠠᠮᠰᠢᠭ ᠢ ᠰᠡᠷᠭᠡᠶᠢᠯᠡᠨ | ᠬᠤᠬᠢᠷᠠᠯ ᠢ ᠪᠠᠭᠠᠰᠬᠠᠬᠤ ᠲᠤᠬᠠᠢ ᠴᠢᠬᠤᠯᠠ ᠥᠭᠦᠯᠡᠯᠲᠡ ᠪᠣᠯᠣᠨ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ | ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠭᠠᠮᠰᠢᠭᠳᠠᠭᠰᠠᠨ ᠣᠯᠠᠨ ᠲᠦᠮᠡᠨ ᠤ ᠠᠮᠢ ᠨᠠᠰᠤᠨ ᠤ ᠠᠮᠤᠷ | ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠭᠠᠮᠰᠢᠭᠳᠠᠭᠰᠠᠨ ᠣᠯᠠᠨ ᠲᠦᠮᠡᠨ ᠢ ᠪᠠᠴᠢᠮ ᠳᠥᠪᠬᠢᠨᠡᠭᠦᠯᠦᠨ | ᠰᠢᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠠᠮᠰᠢᠭᠳᠠᠭᠰᠠᠨ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨᠬᠦ | ᠨᠡᠮᠡᠭᠳᠡᠭᠦᠯᠦᠨ᠎ᠡ᠃ | ᠬᠤᠶᠠᠷ᠂ ᠶᠡᠷᠦᠩᠬᠡᠢ ᠬᠠᠷᠠᠯᠲᠠ | ᠮᠠᠨ ᠤ ᠬᠤᠰᠢᠭᠤᠨ ᠤ ᠪᠠᠶᠢᠭᠠᠯᠢ ᠶᠢᠨ ᠭᠠᠮᠰᠢᠭ ᠵᠢᠴᠢ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠨ | ᠠᠪᠤᠷᠠᠨ ᠲᠤᠰᠠᠯᠠᠬᠤ ᠠᠵᠢᠯᠯᠠᠭ᠎ᠠ ᠶᠢ ᠵᠢᠷᠤᠮᠵᠢᠭᠤᠯᠤᠨ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠭᠠᠮᠰᠢᠭᠳᠠᠭᠰᠠᠨ ᠣᠯᠠᠨ ᠲᠦᠮᠡᠨ ᠢ ᠥᠨᠳᠥᠷ ᠪᠦᠲᠦᠮᠵᠢᠲᠡᠶ᠂ ᠡᠮᠬᠢ | ᠵᠢᠷᠤᠮ ᠲᠠᠢ ᠪᠠᠷ ᠲᠥᠪᠬᠢᠨᠡᠭᠦᠯᠵᠦ ᠴᠢᠳᠠᠨ᠎ᠠ᠃ | ᠭᠤᠷᠪᠠ᠂ ᠠᠵᠢᠯ ᠤᠨ ᠵᠠᠷᠴᠢᠮ | ᠬᠠᠷᠢᠶᠠᠲᠤ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠬᠤᠰᠢᠭᠤ ᠠᠷᠠᠳ ᠤᠨ ᠵᠠᠰᠠᠭ ᠤᠨ ᠣᠷᠳᠣᠨ | ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠵᠢᠯᠲᠠᠨ ᠢ ᠰᠢᠯᠵᠢᠭᠦᠯᠬᠦ ᠠᠵᠢᠯ ᠢ ᠬᠠᠷᠢᠭᠤᠴᠠᠵᠤ᠂ | ᠭᠠᠮᠰᠢᠭᠳᠠᠭᠰᠠᠨ ᠣᠯᠠᠨ ᠲᠦᠮᠡᠨ ᠢ ᠲᠥᠪᠯᠡᠷᠡᠭᠦᠯᠦᠨ ᠰᠢᠯᠵᠢᠭᠦᠯᠦᠨ ᠲᠥᠪᠬᠢᠨᠡᠭᠦᠯᠬᠦ ᠴᠢᠭ ᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠬᠤ ᠶᠢᠨ ᠬᠠᠮᠲᠤ ᠴᠠᠭ ᠲᠤᠬᠠᠢ ᠳᠤᠨᠢ ᠨᠡᠶᠢᠭᠡᠮ ᠳᠤ ᠵᠠᠷᠯᠠᠨ ᠨᠡᠶᠢᠲᠡᠯᠡᠵᠦ᠂ ᠰᠢᠯᠵᠢᠭᠦᠯᠦᠨ | ᠲᠥᠪᠬᠢᠨᠡᠭᠦᠯᠬᠦ ᠡᠯ᠎ᠡ ᠵᠦᠢᠯ ᠤᠨ ᠪᠡᠯᠡᠳᠬᠡᠯ ᠠᠵᠢᠯ ᠢ ᠤᠷᠢᠳᠴᠢᠯᠠᠨ ᠪᠠᠶᠢᠷᠢᠯᠠᠭᠤᠯᠤᠨ᠎ᠠ᠃ ᠭᠠᠮᠰᠢᠭᠳᠠᠭᠰᠠᠨ ᠰᠤᠮᠤ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯ ᠭᠠᠮᠰᠢᠭᠳᠠᠭᠰᠠᠨ ᠣᠯᠠᠨ ᠲᠦᠮᠡᠨ ᠢ ᠪᠠᠴᠢᠮ ᠰᠢᠯᠵᠢᠭᠦᠯᠦᠨ | ᠲᠥᠪᠬᠢᠨᠡᠭᠦᠯᠬᠦ ᠠᠵᠢᠯ ᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠭᠤᠣᠯ ᠴᠣᠭᠴᠠ ᠪᠠᠶᠢᠵᠤ᠂ ᠲᠣᠰ ᠣᠷᠣᠨ | ᠪᠦᠰᠡ ᠶᠢᠨ ᠳᠣᠲᠣᠷᠠᠬᠢ ᠬᠥᠮᠥᠰ ᠢ ᠰᠢᠯᠵᠢᠭᠦᠯᠬᠦ ᠠᠵᠢᠯ ᠢ ᠪᠣᠳᠠᠲᠠᠢ ᠬᠠᠷᠢᠭᠤᠴᠠᠨ ᠶᠠᠪᠤᠭᠳᠠᠭᠤᠯᠤᠨ᠎ᠠ᠃ ᠭᠠᠴᠠᠭ᠎ᠠ | ︵ᠨᠡᠶᠢᠭᠡᠮ ᠲᠣᠭᠤᠷᠢᠭ︶ ᠨᠤᠭᠤᠳ ᠠᠵᠢᠯᠲᠠᠨ ᠰᠢᠯᠵᠢᠭᠦᠯᠬᠦ ᠠᠵᠢᠯ ᠢ ᠬᠠᠪᠰᠤᠷᠤᠨ ᠰᠠᠶᠢᠲᠤᠷ ᠬᠢᠬᠦ ᠬᠡᠷᠡᠭᠲᠡᠢ᠃ | ᠬᠤᠰᠢᠭᠤ ᠵᠠᠰᠠᠭ ᠤᠨ ᠣᠷᠳᠣᠨ ᠬᠠᠮᠢᠶ᠎ᠠ ᠪᠦᠬᠦᠢ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ | ᠵᠢᠯᠤᠭᠤᠳᠴᠤ᠂ ᠭᠠᠮᠰᠢᠭ ᠢ ᠪᠠᠭᠠᠰᠬᠠᠬᠤ ᠵᠥᠪᠯᠡᠯ ᠤᠨ ᠬᠠᠮᠢᠶ᠎ᠠ ᠪᠦᠬᠦᠢ ᠪᠦᠷᠢᠯᠳᠦᠭᠦᠨ ᠨᠢᠭᠡᠴᠡ ᠬᠠᠮᠲᠤ ᠪᠠᠷ | ᠣᠷᠣᠯᠴᠠᠵᠤ ᠬᠠᠮᠵᠢᠯᠴᠠᠨ᠂ ᠪᠣᠳᠠᠲᠠᠢ ᠪᠠᠷ ᠬᠡᠷᠡᠭᠵᠢᠭᠦᠯᠦᠨ᠎ᠡ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ | ᠪᠣᠯᠣᠨ ᠨᠡᠶᠢᠭᠡᠮ ᠤᠨ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠲᠤᠰ ᠨᠢᠭᠡᠴᠡ ᠶᠢᠨ ᠢᠶᠠᠨ ᠠᠵᠢᠯᠲᠠᠨ ᠢ | ᠰᠢᠯᠵᠢᠭᠦᠯᠬᠦ ᠠᠵᠢᠯ ᠢ ᠬᠠᠷᠢᠭᠤᠴᠠᠵᠤ ᠰᠠᠶᠢᠲᠤᠷ ᠬᠢᠨ᠎ᠡ᠃ ᠠᠵᠢᠯᠲᠠᠨ ᠢ ᠰᠢᠯᠵᠢᠭᠦᠯᠬᠦ ᠠᠵᠢᠯ ᠳᠤ ᠠᠵᠢᠯᠲᠠᠨ ᠢ | ᠰᠢᠯᠵᠢᠭᠦᠯᠬᠦ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠵᠣᠬᠢᠴᠠᠩᠭᠤᠢ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠬᠤ ᠬᠡᠷᠡᠭᠲᠡᠢ᠃ | ᠳᠥᠷᠪᠡ᠂ ᠦᠨᠳᠦᠰᠦᠨ ᠱᠠᠭᠠᠷᠳᠠᠯᠭ᠎ᠠ | ᠲᠥᠪᠯᠡᠷᠡᠭᠦᠯᠦᠨ ᠲᠥᠪᠬᠢᠨᠡᠭᠦᠯᠬᠦ ᠴᠢᠭ ᠪᠠᠶᠢᠭᠤᠯᠬᠤ ᠪᠠᠷᠢᠮᠵᠢᠶ᠎ᠠ ᠶᠢ ᠲᠣᠳᠣᠷᠬᠠᠶᠢᠯᠠᠵᠤ᠂ ᠲᠥᠪᠯᠡᠷᠡᠭᠦᠯᠦᠨ | ᠲᠥᠪᠬᠢᠨᠡᠭᠦᠯᠬᠦ ᠴᠢᠭ ᠤᠨ ᠰᠠᠭᠤᠷᠢ ᠪᠡᠯᠡᠳᠬᠡᠮᠵᠢ ᠶᠢᠨ ᠪᠦᠷᠢᠨ ᠭᠦᠢᠴᠡᠳ ᠪᠠᠶᠢᠬᠤ ᠶᠢ ᠦᠨᠡᠨᠬᠦ ᠪᠠᠲᠤᠯᠠᠬᠤ ᠶᠢᠨ | ᠲᠤᠰᠠᠳᠠ᠂ ᠲᠥᠪᠯᠡᠷᠡᠭᠦᠯᠦᠨ ᠲᠥᠪᠬᠢᠨᠡᠭᠦᠯᠬᠦ ᠴᠢᠭ ᠨᠢ ᠳᠣᠣᠷᠠᠬᠢ ᠦᠨᠳᠦᠰᠦᠨ ᠨᠥᠬᠦᠴᠡᠯ ᠢ ᠪᠦᠷᠢᠳᠦᠭᠦᠯᠦᠭᠰᠡᠨ | ᠪᠠᠶᠢᠬᠤ ᠬᠡᠷᠡᠭᠲᠡᠢ᠄ | ︵ᠨᠢᠭᠡ︶ ᠦᠨᠳᠦᠰᠦᠨ ᠠᠮᠢᠳᠤᠷᠠᠯ ᠤᠨ ᠪᠡᠯᠡᠳᠬᠡᠮᠵᠢ᠃ ᠲᠥᠪᠬᠢᠨᠡᠭᠦᠯᠬᠦ ᠭᠠᠵᠠᠷ ᠲᠤ ︽ᠨᠢᠭᠡ ᠬᠥᠮᠥᠨ ᠨᠢᠭᠡ | ᠣᠷᠣ᠂ ᠨᠢᠭᠡ ᠬᠥᠨᠵᠢᠯᠡ ᠳᠡᠪᠢᠰᠬᠡᠷ︾ ᠵᠡᠷᠭᠡ ᠪᠠᠷᠢᠮᠵᠢᠶ᠎ᠠ ᠪᠠᠷ ᠤᠯᠠᠨ ᠲᠦᠮᠡᠨ ᠳᠤ ᠠᠮᠢᠳᠤᠷᠠᠯ ᠤᠨ ᠡᠳ᠋ ᠪᠣᠳᠠᠰ ᠢ | ᠲᠣᠬᠢᠷᠠᠭᠤᠯᠵᠤ ᠥᠭᠬᠦ ᠬᠡᠷᠡᠭᠲᠡᠢ᠃ ᠲᠦᠷ ᠴᠠᠭ ᠤᠨ ᠠᠷᠢᠭᠤᠨ ᠴᠡᠪᠡᠷ ᠤᠨ ᠲᠠᠰᠤᠯᠭ᠎ᠠ᠂ ᠤᠬᠢᠶᠠᠯᠭ᠎ᠠ ᠶᠢᠨ ᠲᠠᠰᠤᠭ | ᠭᠠᠷᠭᠠᠵᠤ᠂ ᠭᠠᠮᠰᠢᠭᠳᠠᠭᠰᠠᠨ ᠤᠯᠠᠨ ᠲᠦᠮᠡᠨ ᠤ ᠤᠤᠭᠤᠬᠤ ᠤᠰᠤ ᠶᠢ ᠬᠠᠩᠭᠠᠨ᠎ᠠ᠃ ᠭᠡᠷᠡᠯᠲᠦᠭᠦᠯᠭᠡ ᠶᠢᠨ | ᠲᠥᠬᠦᠭᠡᠷᠦᠮᠵᠢ ᠶᠢ ᠭᠦᠢᠴᠡᠳ ᠬᠠᠩᠭᠠᠵᠤ᠂ ᠭᠠᠮᠰᠢᠭᠳᠠᠭᠰᠠᠨ ᠤᠯᠠᠨ ᠲᠦᠮᠡᠨ ᠳᠤ ᠴᠢᠬᠤᠯᠠ ᠪᠦᠬᠦᠢ | ᠭᠡᠷᠡᠯᠲᠦᠭᠦᠯᠭᠡ ᠶᠢᠨ ᠨᠥᠬᠦᠴᠡᠯ ᠢ ᠬᠠᠩᠭᠠᠨ᠎ᠠ᠃ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠣᠪᠣᠭᠠᠯᠠᠬᠤ | ᠴᠢᠭ ᠭᠠᠷᠭᠠᠵᠤ᠂ ᠨᠢᠭᠡᠳᠦᠯᠲᠡᠢ ᠴᠤᠭᠯᠠᠭᠤᠯᠬᠤ ᠶᠢᠨ ᠬᠠᠮᠲᠤ ᠴᠠᠭ ᠲᠤᠬᠠᠢ ᠳᠤᠨᠢ ᠴᠡᠪᠡᠷᠯᠡᠨ ᠲᠡᠭᠡᠭᠡᠪᠦᠷᠢᠯᠡᠬᠦ | ᠬᠡᠷᠡᠭᠲᠡᠢ᠃ | ︵ᠬᠤᠶᠠᠷ︶ ᠤᠰᠤ ᠲᠠᠲᠠᠷᠠᠭᠤᠯᠬᠤ ᠪᠡᠯᠡᠳᠬᠡᠮᠵᠢ᠃ ᠤᠰᠤ ᠲᠠᠲᠠᠷᠠᠭᠤᠯᠬᠤ ᠦᠨᠳᠦᠰᠦᠨ ᠲᠥᠬᠦᠭᠡᠷᠦᠮᠵᠢ ᠲᠠᠢ | ᠪᠠᠶᠢᠵᠤ᠂ ᠪᠣᠷᠣᠭᠠᠨ ᠤ ᠤᠰᠤ᠂ ᠪᠣᠬᠢᠷ ᠤᠰᠤ᠂ ᠠᠮᠢᠳᠤᠷᠠᠯ ᠳᠤ ᠬᠡᠷᠡᠭᠯᠡᠬᠦ ᠤᠰᠤ ᠵᠡᠷᠭᠡ ᠶᠢ ᠭᠠᠳᠠᠭᠰᠢᠯᠠᠭᠤᠯᠬᠤ ᠳᠤ | ᠬᠡᠷᠡᠭᠯᠡᠨ᠎ᠡ᠃ | ︵ᠭᠤᠷᠪᠠ︶ ᠭᠠᠯ ᠤᠨᠲᠠᠷᠠᠭᠠᠬᠤ ᠪᠡᠯᠡᠳᠬᠡᠮᠵᠢ᠃ ᠭᠠᠯ ᠤᠨᠲᠠᠷᠠᠭᠠᠬᠤ ᠦᠨᠳᠦᠰᠦᠨ ᠪᠡᠯᠡᠳᠬᠡᠮᠵᠢ ᠶᠢ | ᠪᠦᠷᠢᠳᠦᠭᠦᠯᠬᠦ᠂ ᠭᠠᠯ ᠤᠨᠲᠠᠷᠠᠭᠠᠬᠤ ᠨᠡᠪᠲᠡᠷᠡᠬᠦ ᠵᠠᠮ ᠭᠠᠷᠭᠠᠬᠤ᠂ ᠭᠠᠯ ᠤᠨᠲᠠᠷᠠᠭᠠᠬᠤ ᠴᠢᠬᠤᠯᠠ ᠪᠦᠬᠦᠢ ᠪᠠᠭᠠᠵᠢ | ᠬᠡᠷᠡᠭᠰᠡᠯ ᠢ ᠲᠣᠬᠢᠷᠠᠭᠤᠯᠬᠤ᠂ ᠪᠠᠴᠢᠮ ᠪᠠᠶᠢᠳᠠᠯ ᠢ ᠠᠷᠭᠠᠴᠠᠵᠤ ᠤᠬᠤᠷᠢᠬᠤ ᠵᠠᠮ ᠤᠨ ᠵᠢᠷᠤᠭ ᠢ ᠪᠠᠶᠢᠷᠢᠯᠠᠭᠤᠯᠬᠤ | ᠬᠡᠷᠡᠭᠲᠡᠢ᠃ | ︵ᠳᠥᠷᠪᠡ︶ ᠦᠢᠯᠡᠴᠢᠯᠡᠭᠡᠨ ᠤ ᠲᠡᠮᠳᠡᠭ᠃ ᠲᠥᠪᠬᠢᠨᠡᠭᠦᠯᠬᠦ ᠴᠡᠭ ᠬᠢᠭᠡᠳ ᠡᠷᠬᠢᠨ ᠲᠣᠭᠤᠷᠢᠨ ᠳᠤ | ᠲᠥᠪᠬᠢᠨᠡᠭᠦᠯᠬᠦ ᠴᠢᠭ ᠤᠨ ᠲᠡᠮᠳᠡᠭ᠂ ᠬᠥᠮᠥᠰ ᠢ ᠵᠠᠯᠠᠵᠤ ᠵᠢᠯᠤᠭᠤᠳᠬᠤ ᠲᠡᠮᠳᠡᠭ ᠪᠣᠯᠣᠨ ᠲᠥᠪᠬᠢᠨᠡᠭᠦᠯᠬᠦ ᠴᠢᠭ ᠤᠨ | ᠴᠢᠳᠠᠮᠵᠢ ᠶᠢᠨ ᠣᠷᠣᠨ ᠬᠤᠪᠢᠶᠠᠬᠤ ᠲᠡᠮᠳᠡᠭ ᠪᠠᠶᠢᠷᠢᠯᠠᠭᠤᠯᠬᠤ ᠬᠡᠷᠡᠭᠲᠡᠢ᠃ ᠡᠯ᠎ᠡ ᠵᠦᠢᠯ ᠤᠨ ᠦᠢᠯᠡᠴᠢᠯᠡᠭᠡᠨ ᠤ | ᠠᠭᠤᠯᠭ᠎ᠠ ᠶᠢ ᠦᠨᠳᠦᠰᠦᠯᠡᠨ᠂ ᠵᠣᠬᠢᠬᠤ ᠦᠢᠯᠡᠴᠢᠯᠡᠭᠡᠨ ᠤ ᠲᠡᠮᠳᠡᠭ ᠲᠠᠯᠪᠢᠵᠤ᠂ ᠣᠯᠠᠨ ᠲᠦᠮᠡᠨ ᠤ ᠢᠯᠭᠠᠨ | ᠲᠠᠨᠢᠬᠤ ᠳᠤ ᠲᠥᠬᠦᠮ ᠦᠵᠡᠭᠦᠯᠦᠨ᠎ᠡ᠃ | ︵ᠲᠠᠪᠤ︶ ᠠᠷᠢᠭᠤᠳᠬᠠᠬᠤ ᠠᠷᠭ᠎ᠠ ᠬᠡᠮᠵᠢᠶ᠎ᠡ᠃ ᠠᠷᠢᠭᠤᠳᠬᠠᠬᠤ ᠪᠠᠭᠠᠵᠢ ᠬᠡᠷᠡᠭᠰᠡᠯ ᠲᠣᠬᠢᠷᠠᠭᠤᠯᠵᠤ᠂ ᠣᠯᠠᠨ | ᠲᠦᠮᠡᠨ ᠣᠷᠣᠵᠤ ᠰᠠᠭᠤᠬᠤ ᠠᠴᠠ ᠡᠮᠦᠨ᠎ᠡ ᠭᠡᠷ ᠪᠠᠶᠢᠰᠢᠩ ᠢ ᠪᠥᠬᠦ ᠲᠠᠯ᠎ᠠ ᠪᠠᠷ ᠠᠷᠢᠭᠤᠳᠬᠠᠬᠤ ᠬᠡᠷᠡᠭᠲᠡᠢ᠃ ᠣᠯᠠᠨ | ᠲᠦᠮᠡᠨ ᠣᠷᠣᠵᠤ ᠰᠠᠭᠤᠭᠰᠠᠨ ᠤ ᠳᠠᠷᠠᠭ᠎ᠠ ᠲᠥᠪᠬᠢᠨᠡᠭᠦᠯᠬᠦ ᠭᠠᠵᠠᠷ ᠲᠤ ᠨᠠᠭᠠᠲᠤ ᠵᠠᠬ᠎ᠠ ᠳᠠᠭᠠᠨ ᠡᠳᠦᠷ ᠪᠦᠷᠢ ᠨᠢᠭᠡ | ᠤᠳᠠᠭ᠎ᠠ ᠪᠥᠬᠦ ᠲᠠᠯ᠎ᠠ ᠶᠢᠨ ᠠᠷᠢᠭᠤᠳᠬᠠᠯ ᠬᠢᠬᠦ ᠬᠡᠷᠡᠭᠲᠡᠢ᠃ | ᠪᠣᠳᠠᠲᠠᠢ ᠠᠭᠤᠯᠭ᠎ᠠ | ᠨᠢᠭᠡᠳᠦᠭᠡᠷ ᠵᠦᠢᠯ ᠭᠠᠮᠰᠢᠭ ᠡᠭᠦᠰᠦᠭᠰᠡᠨ ᠤ ᠳᠠᠷᠠᠭ᠎ᠠ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠠᠴᠠ | ᠭᠠᠵᠠᠷ ᠤᠨ ᠪᠠᠶᠢᠴᠠ ᠨᠢ ᠨᠠᠮ ᠳᠣᠣᠷ᠎ᠠ᠂ ᠭᠤᠣᠯ ᠳᠠᠭᠠᠤ ᠨᠠᠭᠤᠷ ᠳᠠᠭᠠᠤ᠂ ᠭᠠᠵᠠᠷ ᠶᠡᠭᠦᠷᠡᠬᠦ ᠣᠷᠣᠨ᠂ ᠨᠤᠷᠠᠬᠤ | ᠠᠶᠤᠯᠲᠠᠢ ᠭᠡᠷ ᠪᠠᠶᠢᠰᠢᠩ ᠳᠤ ᠰᠠᠭᠤᠷᠢᠰᠢᠵᠤ ᠪᠠᠶᠢᠭ᠎ᠠ ᠰᠠᠭᠤᠭᠠᠯᠢ ᠠᠷᠠᠳ ᠲᠤ ᠲᠡᠷᠡ ᠳᠠᠷᠤᠢ ᠳᠤᠨᠢ ᠮᠡᠳᠡᠭᠳᠡᠨ᠎ᠡ᠃ | ᠲᠡᠷᠭᠡ ᠪᠠᠷ ᠲᠡᠭᠡᠭᠡᠪᠦᠷᠢᠯᠡᠬᠦ᠂ ᠶᠠᠪᠠᠭᠠᠨ ᠶᠠᠪᠤᠬᠤ ᠵᠡᠷᠭᠡ ᠠᠷᠭ᠎ᠠ ᠮᠠᠶ᠋ᠢᠭ ᠢ ᠠᠪᠴᠤ᠂ ︽ᠭᠤᠷᠪᠠᠨ ᠬᠠᠮᠤᠭ ᠤᠨ | ᠲᠦᠷᠦᠭᠦᠨ︾ ᠤ ᠵᠠᠷᠴᠢᠮ ︵ᠲᠤᠬᠠᠶᠢᠯᠠᠪᠠᠯ ᠬᠠᠮᠤᠭ ᠤᠨ ᠠᠶᠤᠯ ᠲᠠᠢ ᠭᠠᠵᠠᠷ ᠤᠨ ᠤᠯᠠᠨ ᠲᠦᠮᠡᠨ ᠢ ᠬᠠᠮᠤᠭ ᠤᠨ | ᠲᠦᠷᠦᠭᠦᠨᠲ᠋ᠤ ᠰᠢᠯᠵᠢᠭᠦᠯᠬᠦ᠂ ᠲᠠᠷᠠᠬᠠᠢ ᠠᠰᠠᠷᠠᠨ ᠲᠡᠵᠢᠭᠡᠬᠦ ᠲᠠᠪᠤᠨ ᠪᠠᠲᠤᠯᠠᠭ᠎ᠠ ᠶᠢᠨ ᠡᠲᠡᠭᠡᠳ ᠢ ᠬᠠᠮᠤᠭ ᠤᠨ | ᠲᠦᠷᠦᠭᠦᠨᠲ᠋ᠤ ᠰᠢᠯᠵᠢᠭᠦᠯᠬᠦ᠂ ᠬᠥᠭᠰᠢᠨ ᠪᠠᠭᠤᠷᠠᠢ ᠡᠪᠡᠳᠴᠢᠲᠡᠢ ᠵᠡᠮᠳᠡᠭ ᠢ ᠬᠠᠮᠤᠭ ᠤᠨ ᠲᠦᠷᠦᠭᠦᠨᠲ᠋ᠤ | ᠰᠢᠯᠵᠢᠭᠦᠯᠬᠦ︶ ᠢ ᠵᠢᠷᠤᠮᠯᠠᠨ ᠵᠣᠬᠢᠶᠠᠨ ᠪᠠᠶᠢᠭᠤᠯᠵᠤ ᠪᠠᠶᠢᠭᠠᠳ ᠲᠦᠷᠭᠡᠨ ᠪᠥᠭᠡᠳ ᠡᠮᠬᠢ ᠵᠢᠷᠤᠮ ᠲᠠᠢ ᠪᠠᠷ | ᠰᠢᠯᠵᠢᠭᠦᠯᠬᠦ ᠬᠡᠷᠡᠭᠲᠡᠢ᠃ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠶᠢᠴᠤᠳ᠂ ᠬᠡᠦᠬᠡᠳ ᠪᠠ ᠵᠡᠮᠳᠡᠭᠴᠦᠳ ᠵᠡᠷᠭᠡ | ᠣᠨᠴᠣᠭᠤᠢ ᠬᠦᠮᠦᠰ ᠲᠤ ︽ᠨᠢᠭᠡ ᠳᠤ ᠨᠢᠭᠡ ᠶᠢ︾ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠷᠢᠳᠴᠢᠯᠠᠨ | ᠲᠣᠭᠲᠠᠭᠠᠵᠤ᠂ ᠭᠠᠮᠰᠢᠭᠳᠠᠭᠰᠠᠨ ᠣᠯᠠᠨ ᠲᠦᠮᠡᠨ ᠤ ᠰᠢᠯᠵᠢᠵᠦ ᠳᠡᠶᠢᠯᠬᠦ᠂ ᠲᠦᠷᠭᠡᠨ ᠰᠢᠯᠵᠢᠵᠦ ᠳᠡᠶᠢᠯᠬᠦ᠂ ᠠᠮᠤᠷ | ᠲᠦᠪᠰᠢᠨ ᠰᠢᠯᠵᠢᠵᠦ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠬᠤᠶᠠᠳᠤᠭᠠᠷ ᠵᠦᠢᠯ ᠪᠣᠳᠠᠲᠠᠢ ᠪᠠᠶᠢᠳᠠᠯ ᠢᠶᠠᠨ ᠦᠨᠳᠦᠰᠦᠯᠡᠨ ᠲᠥᠪᠯᠡᠷᠡᠭᠦᠯᠦᠨ ᠲᠥᠪᠬᠢᠨᠡᠭᠦᠯᠬᠦ ᠠᠵᠢᠯ ᠢ | ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠨᠡᠶᠢᠭᠡᠮ ᠲᠣᠭᠤᠷᠢᠭ᠂ ᠭᠠᠴᠠᠭᠠᠨ ᠤ ᠵᠥᠪᠯᠡᠯ ᠤᠨ ᠠᠯᠪᠠᠨ ᠭᠡᠷ ᠪᠣᠯᠣᠨ | ᠰᠤᠷᠭᠠᠭᠤᠯᠢ᠂ ᠪᠡᠶ᠎ᠡ ᠶᠢᠨ ᠲᠠᠮᠢᠷ ᠤᠨ ᠲᠠᠯᠠᠪᠠᠶ ᠵᠡᠷᠭᠡ ᠨᠡᠶᠢᠲᠡ ᠶᠢᠨ ᠬᠡᠷᠡᠭᠯᠡᠭᠡᠨ ᠤ ᠣᠷᠣᠨ ᠰᠠᠭᠤᠴᠠ ᠪᠣᠯᠣᠨ ᠣᠯᠠᠨ | ᠨᠡᠶᠢᠲᠡ ᠶᠢᠨ ᠲᠠᠯᠠᠪᠤᠷ ᠢ ᠤᠷᠢᠳᠠᠪᠠᠷ ᠠᠰᠢᠭᠯᠠᠨ ᠲᠥᠪᠬᠢᠨᠡᠭᠦᠯᠬᠦ ᠬᠡᠷᠡᠭᠲᠡᠢ᠃ ᠣᠬᠤᠷ ᠬᠤᠭᠤᠴᠠᠭ᠎ᠠ ᠪᠠᠷ | ᠲᠥᠪᠯᠡᠷᠡᠭᠦᠯᠦᠨ ᠲᠥᠪᠬᠢᠨᠡᠭᠦᠯᠬᠦ ᠳᠤ ᠵᠣᠴᠢᠳ ᠤᠨ ᠪᠠᠭᠤᠳᠠᠯ ᠲᠦᠷᠢᠶᠡᠰᠦᠯᠡᠨ ᠰᠠᠭᠤᠬᠤ ᠵᠡᠷᠭᠡ ᠠᠷᠭ᠎ᠠ ᠮᠠᠶ᠋ᠢᠭ ᠢ | ᠠᠪᠴᠤ᠂ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠶᠢ ᠨᠢ ᠳᠠᠬᠢᠨ ᠮᠠᠶᠢᠬᠠᠨ ᠪᠣᠰᠬᠠᠬᠤ᠂ ᠳᠥᠭᠦᠮ | ᠪᠦᠳᠦᠭᠦᠯᠢᠭ ᠭᠡᠷ ᠪᠠᠶᠢᠰᠢᠩ ᠪᠠᠷᠢᠬᠤ ᠵᠡᠷᠭᠡ ᠠᠷᠭ᠎ᠠ ᠮᠠᠶ᠋ᠢᠭ ᠢ ᠠᠪᠴᠤ ᠲᠥᠪᠯᠡᠷᠡᠭᠦᠯᠦᠨ ᠲᠥᠪᠬᠢᠨᠡᠭᠦᠯᠬᠦ ᠶᠢ | ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠲᠥᠪᠯᠡᠷᠡᠭᠦᠯᠦᠨ ᠲᠥᠪᠬᠢᠨᠡᠭᠦᠯᠬᠦ ᠴᠢᠭ ᠤᠨ ᠬᠠᠮᠢᠶᠠᠷᠤᠯᠲᠠ ᠶᠢᠨ ᠳᠦᠷᠢᠮ ᠢ | ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠳᠣᠣᠷᠠᠬᠢ ᠳᠦᠷᠢᠮ ᠢ ᠴᠢᠩᠭ᠎ᠠ ᠬᠡᠷᠡᠭᠵᠢᠭᠦᠯᠦᠨ᠎ᠡ᠄ | ︵ᠨᠢᠭᠡ︶ ᠦᠨᠡᠨ ᠨᠡᠷ᠎ᠡ ᠪᠠᠷ ᠳᠠᠩᠰᠠᠯᠠᠭᠤᠯᠬᠤ ᠳᠦᠷᠢᠮ᠃ ᠲᠥᠪᠬᠢᠨᠡᠭᠦᠯᠬᠦ ᠴᠢᠭ ᠤᠨ ᠲᠥᠪᠬᠢᠨᠡᠭᠦᠯᠬᠦ | ᠬᠥᠮᠥᠰ ᠤᠨ ᠦᠨᠳᠦᠰᠦᠨ ᠮᠡᠳᠡᠭᠡ ᠵᠠᠩᠭᠢ᠂ ᠬᠥᠮᠥᠨ ᠤ ᠲᠤᠭ᠎ᠠ ᠵᠡᠷᠭᠡ ᠪᠠᠶᠢᠳᠠᠯ ᠢ ᠴᠠᠭ ᠲᠤᠬᠠᠢ ᠲᠤᠨᠢ | ᠣᠨᠣᠪᠴᠢᠲᠠᠶ ᠡᠵᠡᠮᠰᠢᠬᠦ ᠬᠡᠷᠡᠭᠲᠡᠢ᠃ ᠦᠨᠡᠨ ᠨᠡᠷ᠎ᠡ ᠪᠠᠷ ᠢᠶᠠᠨ ᠳᠠᠩᠰᠠᠯᠠᠬᠤ ᠶᠢ ᠲᠤᠰᠬᠠᠢ ᠬᠥᠮᠥᠨ ᠬᠠᠷᠢᠭᠤᠴᠠᠵᠤ᠂ | ᠡᠳᠦᠷ ᠪᠦᠷᠢ ᠪᠦᠷᠢᠳᠬᠡᠬᠦ ᠶᠢᠨ ᠬᠠᠮᠲᠤ ᠪᠠᠯᠭᠠᠰᠤᠨ ᠤ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢᠴᠢ ᠳᠤ | ᠮᠡᠳᠡᠭᠦᠯᠵᠦ᠂ ᠴᠠᠭ ᠲᠤᠬᠠᠢ ᠳᠤᠨᠢ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠳᠤ ᠳᠦᠭᠦᠮ ᠪᠣᠯᠭᠠᠬᠤ ᠬᠡᠷᠡᠭᠲᠡᠢ᠃ | ︵ᠬᠤᠶᠠᠷ︶ ᠣᠷᠣᠵᠤ ᠭᠠᠷᠬᠤ ᠬᠠᠮᠢᠶᠠᠷᠤᠯᠲᠠ ᠶᠢᠨ ᠳᠦᠷᠢᠮ᠃ ᠲᠥᠪᠬᠢᠨᠡᠭᠦᠯᠬᠦ ᠴᠢᠭ ᠢ ᠪᠢᠲᠡᠭᠦᠮᠵᠢᠯᠡᠨ | ᠬᠠᠮᠢᠶᠠᠷᠴᠤ᠂ ᠲᠥᠪᠬᠢᠨᠡᠭᠦᠯᠬᠦ ᠬᠥᠮᠥᠰ ᠤᠨ ᠭᠠᠳᠠᠭᠰᠢ ᠭᠠᠷᠬᠤ ᠶᠢ ᠴᠢᠩᠭ᠎ᠠ ᠬᠢᠵᠠᠭᠠᠷᠯᠠᠨ᠂ ᠦᠨᠡᠨᠬᠦ ᠭᠠᠳᠠᠭᠰᠢ | ᠭᠠᠷᠬᠤ ᠴᠢᠬᠤᠯᠠ ᠲᠠᠢ ᠬᠥᠮᠥᠰ ᠢ ᠪᠣᠯ ᠵᠥᠪᠰᠢᠶᠡᠷᠡᠭᠦᠯᠦᠭᠰᠡᠨ ᠴᠢᠯᠦᠭᠡ ᠭᠤᠶᠣᠭᠰᠠᠨ ᠪᠠᠷᠢᠮᠲᠠ ᠬᠢᠭᠡᠳ ᠪᠠᠲᠤᠯᠠᠨ | ᠳᠠᠭᠠᠭᠠᠭᠴᠢ ᠭᠠᠷ ᠤᠨ ᠥᠰᠥᠭ ᠵᠢᠷᠤᠭᠰᠠᠨ ᠤ ᠲᠠᠷᠠᠭ᠎ᠠ ᠰᠠᠶ᠋ᠢ ᠶᠠᠪᠤᠭᠤᠯᠵᠤ ᠪᠣᠯᠣᠨ᠎ᠠ᠃ | ︵ᠭᠤᠷᠪᠠ︶ ᠴᠢᠯᠦᠭᠡ ᠭᠤᠶᠤᠵᠤ ᠴᠢᠯᠦᠭᠡ ᠲᠠᠶᠢᠯᠬᠤ ᠳᠦᠷᠢᠮ᠃ ᠦᠨᠡᠬᠡᠷ ᠭᠠᠳᠠᠭᠰᠢ ᠭᠠᠷᠬᠤ ᠴᠢᠬᠤᠯᠠ ᠲᠠᠢ | ᠲᠥᠪᠬᠢᠨᠡᠭᠦᠯᠬᠦ ᠴᠢᠭ ᠤᠨ ᠬᠥᠮᠥᠰ ᠲᠤ ᠴᠢᠯᠦᠭᠡ ᠭᠤᠶᠤᠵᠦ ᠲᠠᠶᠢᠯᠬᠤ ᠳᠦᠷᠢᠮ ᠢ ᠬᠡᠷᠡᠭᠵᠢᠭᠦᠯᠵᠦ᠂ ᠭᠠᠳᠠᠭᠰᠢ | ᠭᠠᠷᠤᠭᠰᠠᠨ ᠬᠥᠮᠥᠰ ᠲᠥᠪᠬᠢᠨᠡᠭᠦᠯᠬᠦ ᠴᠢᠭ ᠤᠨ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠳᠤ ᠴᠢᠯᠦᠭᠡ | ᠭᠤᠶᠤᠬᠤ ᠭᠤᠶᠤᠴᠢᠯᠠᠯ ᠢᠶᠠᠨ ᠲᠤᠰᠢᠶᠠᠵᠤ᠂ ᠵᠥᠪᠰᠢᠶᠡᠷᠡᠯ ᠣᠯᠣᠭᠰᠠᠨ ᠤ ᠲᠠᠷᠠᠭ᠎ᠠ ᠰᠠᠶ᠋ᠢ ᠭᠠᠳᠠᠭᠰᠢ ᠭᠠᠷᠴᠤ | ᠪᠣᠯᠣᠨ᠎ᠠ᠃ | ︵ᠳᠥᠷᠪᠡ︶ ᠰᠥᠨᠢ ᠪᠠᠷ ᠪᠠᠶᠢᠴᠠᠭᠠᠬᠤ ᠳᠦᠷᠢᠮ᠃ ᠲᠥᠪᠬᠢᠨᠡᠭᠦᠯᠬᠦ ᠴᠢᠭ ᠤᠨ ᠵᠢᠵᠢᠭᠦᠷᠯᠡᠭᠴᠢ ᠡᠳᠦᠷ ᠪᠦᠷᠢ | ᠰᠥᠨᠢ ᠪᠠᠷ ᠲᠥᠪᠬᠢᠨᠡᠭᠦᠯᠬᠦ ᠴᠢᠭ ᠤᠨ ᠪᠤᠢ ᠪᠦᠬᠦᠢ ᠥᠷᠥᠭᠡ ᠪᠠᠨ ᠪᠠᠶᠢᠴᠠᠭᠠᠵᠤ᠂ ᠪᠠᠶᠢᠴᠠᠭᠠᠭᠰᠠᠨ ᠪᠠᠶᠢᠳᠠᠯ ᠢ ᠨᠠᠷᠢᠨ | ᠲᠡᠮᠳᠡᠭᠯᠡᠵᠦ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠢ ᠲᠤᠨᠢ ᠰᠢᠢᠳᠪᠦᠷᠢᠯᠡᠵᠦ᠂ ᠲᠥᠪᠬᠢᠨᠡᠭᠦᠯᠬᠦ ᠴᠢᠭ ᠤᠨ | ᠬᠥᠮᠥᠰ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ | ︵ᠲᠠᠪᠤ︶ ᠵᠢᠵᠢᠭᠦᠷᠯᠡᠨ ᠰᠠᠬᠢᠬᠤ ᠳᠦᠷᠢᠮ᠃ ᠠᠵᠢᠯ ᠤᠨ ᠪᠠᠶᠢᠷᠢ ᠶᠢ ᠬᠥᠮᠥᠨ ᠠᠴᠠ ᠰᠠᠯᠭᠠᠬᠤ ᠦᠭᠡᠢ᠂ 24 | ᠴᠠᠭ ᠢᠶᠠᠷ ᠣᠯᠠᠨ ᠲᠦᠮᠡᠨ ᠳᠤ ᠦᠢᠯᠡᠴᠢᠯᠡᠬᠦ ᠵᠠᠷᠴᠢᠮ ᠶᠣᠰᠣᠭᠠᠷ᠂ ᠲᠥᠪᠯᠡᠷᠡᠭᠦᠯᠦᠨ ᠲᠥᠪᠬᠢᠨᠡᠭᠦᠯᠬᠦ ᠴᠢᠭ ᠤᠨ | ᠠᠵᠢᠯᠲᠠᠨ ᠤ ᠡᠭᠡᠯᠵᠢᠯᠡᠨ ᠵᠢᠵᠢᠭᠦᠷᠯᠡᠬᠦ ᠶᠢ ᠨᠢᠭᠡᠳᠦᠯᠲᠡᠢ ᠲᠥᠯᠥᠪᠯᠡᠨ ᠵᠦᠢ ᠵᠣᠬᠢᠰᠲᠠᠢ ᠲᠣᠬᠢᠷᠠᠭᠤᠯᠬᠤ ᠶᠢᠨ ᠬᠠᠮᠲᠤ᠂ | ᠢᠯᠡ ᠭᠠᠵᠠᠷ ᠲᠤ ᠲᠥᠪᠬᠢᠨᠡᠭᠦᠯᠬᠦ ᠴᠢᠭ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯᠲᠠᠨ ᠤ ᠣᠪᠣᠭ ᠨᠡᠷ᠎ᠡ | ᠪᠠ ᠤᠲᠠᠰᠤ ᠶᠢ ᠨᠡᠶᠢᠲᠡᠯᠡᠬᠦ ᠬᠡᠷᠡᠭᠲᠡᠢ᠃ | ︵ᠵᠢᠷᠭᠤᠭ᠎ᠠ︶ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠳᠦᠷᠢᠮ᠃ ᠵᠥᠷᠢᠴᠡᠯ ᠵᠢᠭᠤᠷᠠᠯᠳᠤᠭᠠᠨ ᠤ | ᠪᠠᠶᠢᠳᠠᠯ ᠢ ᠴᠠᠭ ᠲᠤᠬᠠᠢ ᠳᠤᠨᠢ ᠵᠠᠳᠠᠯᠵᠤ᠂ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠤᠳᠤᠯᠤᠨ | ᠰᠢᠢᠳᠪᠦᠷᠢᠯᠡᠵᠦ᠂ ᠵᠢᠭᠰᠠᠭᠠᠨ ᠪᠠᠶᠢᠴᠠᠭᠠᠬᠤ ᠳᠦᠷᠢᠮ ᠢ ᠪᠠᠷᠢᠮᠲᠠᠯᠠᠨ᠂ ᠡᠶᠡᠳᠡᠭᠦᠯᠦᠨ ᠰᠢᠢᠳᠪᠦᠷᠢᠯᠡᠬᠦ | ᠬᠠᠷᠢᠭᠤᠴᠠᠯᠭ᠎ᠠ ᠶᠢ ᠴᠢᠩᠭᠠᠷᠠᠭᠤᠯᠵᠤ᠂ ᠡᠶᠡᠳᠡᠭᠦᠯᠦᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | | ᠳᠥᠷᠪᠡᠳᠦᠭᠡᠷ ᠵᠦᠢᠯ ᠲᠥᠪᠯᠡᠷᠡᠭᠦᠯᠦᠨ ᠲᠥᠪᠬᠢᠨᠡᠭᠦᠯᠬᠦ ᠴᠢᠭ ᠤᠨ ᠦᠢᠯᠡᠴᠢᠯᠡᠭᠡᠨ ᠢ ᠠᠯᠬᠤᠮ ᠠᠯᠬᠤᠮ ᠢᠶᠠᠷ | ᠲᠡᠭᠦᠯᠳᠡᠷᠵᠢᠭᠦᠯᠵᠦ᠂ ᠲᠥᠪᠯᠡᠷᠡᠭᠦᠯᠦᠨ ᠲᠥᠪᠬᠢᠨᠡᠭᠦᠯᠬᠦ ᠴᠢᠭ ᠲᠤ ᠲᠤᠰᠬᠠᠢ ᠬᠥᠮᠥᠨ ᠢᠶᠠᠷ ᠬᠠᠷᠢᠭᠤᠴᠠᠭᠤᠯᠬᠤ ᠶᠢ | ᠲᠣᠳᠣᠷᠬᠠᠶᠢᠯᠠᠵᠤ᠂ ᠳᠣᠣᠷᠠᠬᠢ ᠦᠢᠯᠡᠴᠢᠯᠡᠭᠡᠨ ᠢ ᠲᠣᠬᠢᠲᠠᠢ ᠰᠠᠶᠢᠲᠤᠷ ᠬᠢᠬᠦ ᠬᠡᠷᠡᠭᠲᠡᠢ᠄ | ︵ᠨᠢᠭᠡ︶ ᠠᠮᠤᠷ ᠲᠦᠪᠰᠢᠨ ᠢᠳᠡᠭᠡᠨ ᠤᠮᠳᠠᠭᠠᠨ ᠤ ᠦᠢᠯᠡᠴᠢᠯᠡᠭᠡ᠃ ᠭᠠᠮᠰᠢᠭᠳᠠᠭᠰᠠᠨ ᠤᠯᠠᠨ ᠲᠦᠮᠡᠨ ᠤ | ᠬᠠᠯᠠᠭᠤᠨ ᠬᠤᠭᠤᠯᠠ᠂ ᠬᠠᠯᠠᠭᠤᠨ ᠨᠣᠭᠤᠭ᠎ᠠ ᠪᠤᠳᠠᠭ᠎ᠠ ᠢᠳᠡᠬᠦ᠂ ᠴᠡᠪᠡᠷ ᠤᠰᠤ ᠤᠤᠭᠤᠬᠤ ᠶᠢ ᠪᠠᠲᠤᠯᠠᠵᠤ᠂ ᠬᠤᠪᠢ | ᠬᠥᠮᠥᠨ ᠪᠤᠶᠤ ᠭᠡᠷ ᠪᠦᠯᠢ ︵ᠢᠯᠠᠩᠭᠤᠶ᠎ᠠ ᠡᠮᠡᠭᠲᠡᠶᠢᠴᠦᠳ᠂ ᠨᠢᠯᠬ᠎ᠠ ᠬᠡᠦᠬᠡᠳ ᠵᠡᠷᠭᠡ ᠭᠤᠣᠯᠳᠠᠯᠭ᠎ᠠ ᠲᠠᠢ ᠬᠥᠮᠥᠰ︶ | ᠶᠢᠨ ᠦᠨᠳᠦᠰᠦᠨ ᠠᠷᠢᠭᠤᠨ ᠴᠡᠪᠡᠷ ᠲᠤ ᠬᠡᠷᠡᠭᠯᠡᠬᠦ ᠤᠰᠤᠨ ᠤ ᠬᠡᠷᠡᠭᠴᠡᠭᠡ ᠶᠢ ᠠᠯᠢ ᠴᠢᠳᠠᠬᠤ ᠪᠠᠷ ᠪᠠᠲᠤᠯᠠᠬᠤ | ᠬᠡᠷᠡᠭᠲᠡᠢ᠃ | ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ᠃ ᠲᠤᠰᠬᠠᠢ ᠡᠮᠴᠢᠯᠡᠭᠡᠨ ᠤ ᠠᠪᠤᠷᠠᠨ | ᠲᠤᠰᠠᠯᠠᠬᠤ ᠠᠵᠢᠯᠲᠠᠨ ᠢ ᠵᠦᠢ ᠵᠣᠬᠢᠰᠲᠠᠢ ᠲᠣᠬᠢᠷᠠᠭᠤᠯᠵᠤ᠂ ᠪᠠᠶᠢᠩᠭᠤ ᠬᠡᠷᠡᠭᠯᠡᠬᠦ ᠡᠮ ᠤᠨ ᠵᠦᠢᠯ ᠢ ᠲᠣᠬᠢᠷᠠᠭᠤᠯᠤᠨ᠂ | ᠭᠠᠮᠰᠢᠭᠳᠠᠭᠰᠠᠨ ᠣᠯᠠᠨ ᠲᠦᠮᠡᠨ ᠤ ᠡᠪᠡᠳᠴᠢᠨ ᠲᠠᠢ ᠪᠣᠯ ᠴᠠᠭ ᠲᠤᠬᠠᠢ ᠳᠤᠨᠢ ᠡᠮᠨᠡᠨ ᠵᠠᠰᠠᠬᠤ ᠶᠢ ᠪᠠᠲᠤᠯᠠᠬᠤ | ᠬᠡᠷᠡᠭᠲᠡᠢ᠃ | ︵ᠭᠤᠷᠪᠠ︶ ᠣᠷᠴᠢᠨ ᠲᠣᠭᠤᠷᠢᠨ ᠤ ᠬᠢᠵᠢᠭ ᠰᠡᠷᠭᠡᠶᠢᠯᠡᠬᠦ ᠦᠢᠯᠡᠴᠢᠯᠡᠭᠡ᠃ ᠬᠤᠭ ᠨᠣᠪᠰᠢ ᠣᠪᠣᠭᠠᠯᠠᠬᠤ | ᠭᠠᠵᠠᠷ᠂ ᠤᠯᠠᠨ ᠨᠡᠶᠢᠲᠡ ᠶᠢᠨ ᠵᠣᠷᠯᠣᠩ ᠵᠢᠴᠢ ᠤᠯᠠᠨ ᠨᠡᠶᠢᠲᠡ ᠶᠢᠨ ᠠᠮᠢᠳᠤᠷᠠᠯ ᠤᠨ ᠲᠣᠭᠤᠷᠢᠭ ᠤᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠬᠢᠵᠢᠭ ᠢ ᠰᠡᠷᠭᠡᠶᠢᠯᠡᠬᠦ ᠠᠵᠢᠯ ᠢ ᠴᠢᠩᠭᠠᠳᠬᠠᠵᠤ᠂ ᠡᠯ᠎ᠡ ᠲᠦᠷᠦᠯ ᠤᠨ | ᠠᠮᠢᠳᠤᠷᠠᠯ ᠤᠨ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠵᠦ᠂ ᠠᠷᠢᠭᠤᠳᠬᠠᠨ ᠬᠢᠵᠢᠭ ᠢ ᠰᠡᠷᠭᠡᠶᠢᠯᠡᠬᠦ ᠠᠵᠢᠯ ᠢ | ᠰᠠᠶᠢᠲᠤᠷ ᠬᠢᠵᠦ᠂ ᠬᠢᠵᠢᠭ ᠡᠪᠡᠳᠴᠢᠨ ᠡᠭᠦᠰᠬᠦ ᠪᠠ ᠳᠡᠯᠭᠡᠷᠡᠬᠦ ᠠᠴᠠ ᠵᠠᠶᠢᠯᠠᠰᠬᠢᠬᠦ ᠬᠡᠷᠡᠭᠲᠡᠢ᠃ | ︵ᠳᠥᠷᠪᠡ︶ ᠠᠮᠤᠷ ᠢ ᠬᠠᠮᠠᠭᠠᠯᠠᠬᠤ ᠭᠠᠯ ᠤᠨᠲᠠᠷᠠᠭᠠᠬᠤ ᠦᠢᠯᠡᠴᠢᠯᠡᠭᠡ᠃ ᠭᠠᠯ ᠤᠨᠲᠠᠷᠠᠭᠠᠵᠤ ᠠᠪᠤᠷᠠᠨ | ᠲᠤᠰᠠᠯᠠᠬᠤ ᠵᠢᠴᠢ ᠲᠠᠷᠬᠠᠭᠠᠨ ᠶᠠᠪᠤᠭᠤᠯᠬᠤ ᠪᠡᠯᠡᠳᠬᠡᠯ ᠲᠥᠰᠥᠯ ᠲᠣᠭᠲᠠᠭᠠᠵᠤ᠂ ᠴᠠᠭᠳᠠᠭ᠎ᠠ ᠠᠴᠠ ᠭᠠᠷᠴᠤ | ᠲᠣᠭᠤᠷᠢᠨ ᠴᠠᠭᠳᠠᠬᠤ ᠪᠠ ᠰᠥᠨᠢ ᠪᠠᠷ ᠵᠢᠵᠢᠭᠦᠷᠯᠡᠬᠦ ᠶᠢ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠶᠠᠯᠠᠲᠤ | ᠬᠡᠷᠡᠭ ᠭᠠᠷᠬᠤ ᠶᠢ ᠰᠡᠷᠭᠡᠶᠢᠯᠡᠵᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠥᠮᠦᠵᠢᠯ ᠪᠠᠶᠢᠴᠠᠭᠠᠯᠲᠠ ᠶᠢ | ᠴᠢᠩᠭᠠᠳᠬᠠᠬᠤ ᠬᠡᠷᠡᠭᠲᠡᠢ᠃ | ︵ᠲᠠᠪᠤ︶ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ᠃ ᠡᠯ᠎ᠡ ᠲᠦᠷᠦᠯ ᠤᠨ ᠤᠬᠠᠭᠤᠯᠭ᠎ᠠ ᠶᠢᠨ ᠤᠷᠢᠶ᠎ᠠ | ᠯᠣᠽᠦ᠋ᠩ ᠢ ᠡᠯᠭᠦᠵᠦ᠂ ᠤᠯᠠᠨ ᠵᠦᠢᠯ ᠤᠨ ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ | ᠭᠠᠮᠰᠢᠭᠳᠠᠭᠰᠠᠨ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠮᠥᠰ ᠤᠨ ᠰᠡᠳᠬᠢᠯ ᠢ | ᠲᠣᠭᠲᠠᠪᠤᠷᠢᠵᠢᠭᠤᠯᠬᠤ᠂ ᠡᠮᠬᠢ ᠳᠢᠭᠯᠢᠮ ᠢ ᠲᠣᠭᠲᠠᠪᠤᠷᠢᠵᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠨ᠎ᠠ᠃ | ︵ᠵᠢᠷᠭᠤᠭ᠎ᠠ︶ ᠣᠨᠴᠣᠭᠤᠢ ᠡᠳ᠋ ᠪᠠᠷᠠᠭᠠᠨ ᠤ ᠦᠢᠯᠡᠴᠢᠯᠡᠭᠡ᠃ ᠭᠠᠮᠰᠢᠭᠳᠠᠭᠰᠠᠨ ᠤᠯᠠᠨ ᠲᠦᠮᠡᠨ ᠤ ᠪᠣᠳᠠᠲᠤ | ᠪᠠᠶᠢᠳᠠᠯ ᠢ ᠦᠨᠳᠦᠰᠦᠯᠡᠨ᠂ ᠡᠮᠡᠭᠲᠡᠶᠢᠴᠦᠳ᠂ ᠨᠢᠯᠬ᠎ᠠ ᠬᠡᠦᠬᠡᠳ ᠵᠡᠷᠭᠡ ᠣᠨᠴᠠᠭᠠᠶ ᠬᠥᠮᠥᠰ ᠤᠨ ᠲᠤᠰᠬᠠᠢ | ᠬᠡᠷᠡᠭᠯᠡᠭᠡᠨ ᠤ ᠡᠳ᠋ ᠢ ᠴᠠᠭ ᠲᠤᠬᠠᠢ ᠳᠤᠨᠢ ᠬᠤᠳᠠᠯᠳᠤᠨ ᠠᠪᠴᠤ ᠲᠠᠷᠬᠠᠭᠠᠬᠤ ᠬᠡᠷᠡᠭᠲᠡᠢ᠃ | ᠲᠠᠪᠤᠳᠤᠭᠠᠷ ᠵᠦᠢᠯ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ | ᠭᠦᠢᠴᠡᠳᠬᠡᠵᠦ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠲᠣᠭᠲᠠᠴᠠ ᠪᠠᠨ ᠪᠦᠷᠢᠨᠰᠢᠭᠦᠯᠵᠦ᠂ | ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠨᠡᠶᠢᠯᠡᠯ ᠬᠦᠴᠦᠨ ᠶᠢ ᠪᠤᠢ ᠪᠣᠯᠭᠠᠬᠤ ᠬᠡᠷᠡᠭᠲᠡᠢ᠃ | ᠵᠢᠷᠭᠤᠳᠤᠭᠠᠷ ᠵᠦᠢᠯ ᠲᠣᠰ ᠲᠥᠰᠥᠯ ᠢ ᠬᠤᠰᠢᠭᠤ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ | ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠣᠰ ᠲᠥᠰᠥᠯ ᠢ ᠠᠶᠠᠨᠳᠠᠭᠠᠨ ᠨᠡᠶᠢᠲᠡᠯᠡᠭᠰᠡᠨ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 3 ᠰᠠᠷ᠎ᠠ ᠶᠢᠨ 8 ᠤ ᠡᠳᠦᠷ |