︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠᠪᠠᠷᠠᠭᠤᠨ ᠦᠵᠦᠮᠦᠴᠢᠨ ᠬᠤᠰᠢᠭᠤ᠄ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠨᠡᠮᠡᠷᠢ᠊
ᠨᠡᠶᠢᠲᠡᠯᠡᠭᠰᠡᠨ ᠴᠠᠭ᠄
2024/3/28
     ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠨᠢ ᠤᠯᠤᠰ ᠤᠨ ᠶᠡᠷᠦᠩᠬᠡᠶᠢᠯᠡᠭᠰᠡᠨ ᠠᠮᠤᠷ ᠲᠦᠪᠰᠢᠨ ᠤ ᠦᠵᠡᠯᠲᠡ ᠶᠢ ᠪᠠᠲᠤᠳᠬᠠᠬᠤ ᠶᠢ ᠢᠮᠠᠭᠲᠠ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠣᠯᠣᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠢᠨ᠎ᠡ ᠴᠠᠭ ᠦᠶ᠎ᠡ ᠶᠢᠨ ︽ᠹᠧᠩᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠨ ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠵᠡᠮᠳᠡᠭᠴᠦᠳ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠵᠦ᠂ ᠬᠡᠰᠡᠭ ᠤᠯᠠᠨ ᠲᠦᠮᠡᠨ ᠤ ︽ᠬᠦᠴᠢᠷ ᠲᠤᠯᠭᠠᠮ᠎ᠠ︾ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠴᠢᠨᠠᠭᠰᠢᠳᠠ ᠳᠡᠭᠡᠭᠰᠢᠯᠡᠭᠦᠯᠪᠡ᠃     ᠰᠠᠭᠠᠳ ᠦᠭᠡᠢ ᠥᠭᠡᠷᠡᠴᠢᠯᠡᠬᠦ ᠲᠥᠷᠥᠯ ᠵᠦᠢᠯ ᠨᠢ ᠡᠭᠦᠳᠡᠨ ᠭᠠᠳᠠᠨᠠᠬᠢ ᠱᠠᠲᠤ ᠶᠢ ᠥᠭᠡᠷᠡᠴᠢᠯᠡᠬᠦ᠂ ᠲᠣᠭᠤᠭᠠᠨ ᠭᠡᠷ ᠤᠨ ᠬᠤᠷᠭᠤ ᠶᠢᠨ ᠥᠨᠳᠥᠷ ᠤᠨ ᠬᠡᠮᠵᠢᠶ᠎ᠡ ᠶᠢ ᠲᠣᠬᠢᠷᠠᠭᠤᠯᠬᠤ ᠵᠡᠷᠭᠡ ᠦᠢᠯᠡᠴᠢᠯᠡᠭᠡ ᠬᠠᠩᠭᠠᠪᠠ᠃     ᠭᠠᠳᠠᠭᠠᠯᠠᠬᠤ ᠰᠠᠪᠠ ᠶᠢᠨ ᠬᠠᠵᠠᠭᠤᠳᠠᠬᠢ ᠲᠦᠰᠢᠭᠦᠷ᠂ ᠤᠬᠢᠶᠠᠯᠭ᠎ᠠ ᠶᠢᠨ ᠲᠠᠰᠤᠭ ᠤᠨ ᠲᠦᠰᠢᠭᠦᠷ ᠢ ᠤᠭᠰᠠᠷᠠᠵᠠᠤ᠂ ᠤᠬᠢᠶᠠᠯᠭ᠎ᠠ ᠳᠤ ᠬᠡᠷᠡᠭᠯᠡᠬᠦ ᠰᠠᠨᠳᠠᠯᠢ᠂ ᠭᠠᠳᠠᠭᠠᠯᠠᠬᠤ ᠳᠤ ᠬᠡᠷᠡᠭᠯᠡᠬᠦ ᠰᠠᠨᠳᠠᠯᠢ  ᠂ ᠲᠠᠶᠠᠭ᠂ ᠠᠯᠬᠤᠬᠤ ᠳᠤ ᠲᠤᠰᠠᠯᠠᠬᠤ ᠪᠠᠭᠠᠵᠢ᠂ ᠳᠠᠭᠤ ᠪᠣᠶᠣ ᠭᠡᠷᠡᠯ ᠢᠶᠠᠷ ᠳᠣᠬᠢᠶ᠎ᠠ ᠥᠭᠬᠦ ᠡᠭᠦᠳᠡᠨ ᠬᠤᠩᠬᠤ᠂ ᠭᠡᠷᠡᠯ ᠢᠶᠠᠷ ᠳᠣᠬᠢᠶ᠎ᠠ ᠥᠭᠬᠦ ᠤᠰᠤᠨ ᠳᠡᠪᠦᠷ᠎ᠡ᠂ ᠳᠠᠭᠤ ᠪᠤᠶᠤ ᠭᠡᠷᠡᠯ ᠢᠶᠠᠷ ᠳᠣᠬᠢᠶ᠎ᠠ ᠥᠭᠬᠦ ᠴᠠᠬᠢᠯᠭᠠᠨ ᠲᠣᠭᠤᠭ᠎ᠠ᠂ ᠬᠠᠷᠠᠭ᠎ᠠ ᠦᠭᠡᠢ ᠬᠦᠮᠦᠰ ᠲᠤ ᠵᠣᠷᠢᠭᠤᠯᠤᠭᠰᠠᠨ ᠳᠠᠭᠤ ᠪᠠᠷ ᠡᠵᠡᠮᠳᠡᠬᠦ ᠴᠠᠬᠢᠯᠭᠠᠨ ᠳᠠᠷᠤᠯᠲᠠᠲᠤ ᠲᠣᠭᠤᠭ᠎ᠠ᠂ ᠴᠠᠬᠢᠯᠭᠠᠨ ᠰᠣᠷᠢᠨᠵᠢᠨ ᠵᠤᠤᠬ᠎ᠠ᠂ ᠣᠷᠣᠨ ᠪᠠᠶᠢᠷᠢ ᠲᠣᠭᠲᠠᠭᠠᠬᠤ ᠭᠠᠷ ᠴᠠᠭ ᠵᠡᠷᠭᠡ ᠵᠡᠮᠳᠡᠭᠴᠦᠳ ᠤᠨ ᠬᠡᠷᠡᠭᠯᠡᠭᠡᠨ ᠤ ᠵᠦᠢᠯ ᠢ ᠬᠠᠷᠠᠭᠠᠯᠵᠠᠭᠤᠯᠤᠨ ᠬᠦᠷᠭᠡᠪᠡ᠃    ᠣᠶᠢᠯᠠᠭᠠᠭᠰᠠᠨ ᠢᠶᠠᠷ᠂ 2023 ᠣᠨ ᠳᠤ᠂ ᠪᠠᠷᠠᠭᠤᠨ ᠦᠵᠦᠮᠦᠴᠢᠨ ᠬᠤᠰᠢᠭᠤ 239 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠵᠡᠮᠳᠡᠭᠴᠦᠳ ᠤᠨ ᠡᠷᠡᠭᠦᠯᠵᠢᠯ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠰᠠᠭᠠᠳ ᠦᠭᠡᠢ ᠶᠢᠨ ᠥᠭᠡᠷᠡᠴᠢᠯᠡᠯᠲᠡ᠂ ᠰᠣᠶᠣᠯ ᠤᠨ ᠠᠮᠢᠳᠤᠷᠠᠯ ᠵᠡᠷᠭᠡ ᠲᠠᠯ᠎ᠠ ᠳᠤ ᠭᠤᠣᠯᠳᠠᠯᠭ᠎ᠠ  ᠲᠠᠢ ᠬᠡᠷᠡᠭᠯᠡᠵᠦ᠂ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠢ ᠵᠡᠮᠳᠡᠭᠴᠦᠳ  ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠢ ᠦᠨᠳᠦᠰᠦᠯᠡᠨ᠂ ᠲᠦᠭᠡᠮᠡᠯ ᠬᠠᠷᠠᠭᠠᠯᠵᠠᠯ ᠤᠨ ᠪᠠᠲᠤᠯᠠᠭ᠎ᠠ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠦᠴᠢᠷᠳᠡᠯᠲᠡᠢ ᠵᠡᠮᠳᠡᠭᠴᠦᠳ ᠲᠤ ᠲᠦᠷ ᠴᠠᠭ ᠤᠨ ᠠᠪᠤᠷᠠᠨ ᠲᠤᠰᠠᠯᠠᠯᠲᠠ᠂ ᠡᠮᠴᠢᠯᠡᠭᠡᠨ ᠤ ᠠᠪᠤᠷᠠᠨ  ᠲᠤᠰᠠᠯᠠᠯᠲᠠ ᠵᠡᠷᠭᠡ ᠲᠤᠰᠬᠠᠢ ᠵᠦᠢᠯ ᠤᠨ ᠪᠠᠲᠤᠯᠠᠭ᠎ᠠ ᠶᠢᠨ ᠳᠦᠷᠢᠮ ᠢ ᠪᠠᠶᠢᠭᠤᠯᠵᠤ᠂ 143 ᠨᠡᠷ᠎ᠡ ᠬᠦᠨᠳᠦ ᠳᠡᠰ ᠤᠨ ᠵᠡᠮᠳᠡᠭᠴᠦᠳ ᠲᠤ ᠨᠡᠶᠢᠲᠡ 13.3 ᠲᠦᠮᠡᠨ ᠲᠥᠭᠦᠷᠢᠭ ᠤᠨ ᠡᠮᠴᠢᠯᠡᠭᠡᠨ ᠤ ᠠᠪᠤᠷᠠᠨ ᠲᠤᠰᠠᠯᠠᠯᠲᠠ ᠶᠢ ᠬᠠᠩᠭᠠᠵᠤ᠂ 50 ᠨᠡᠷ᠎ᠡ ᠬᠦᠴᠢᠷᠳᠡᠯᠲᠡᠢ ᠪᠠ ᠬᠦᠨᠳᠦ ᠳᠡᠰ ᠤᠨ ᠵᠡᠮᠳᠡᠭᠴᠦᠳ ᠲᠤ ᠨᠡᠶᠢᠲᠡ 15 ᠲᠦᠮᠡᠨ ᠲᠥᠭᠦᠷᠢᠭ ᠤᠨ ᠲᠦᠷ ᠴᠠᠭ ᠤᠨ ᠠᠪᠤᠷᠠᠨ ᠲᠤᠰᠠᠯᠠᠯᠲᠠ ᠶᠢ ᠬᠦᠷᠲᠡᠭᠡᠪᠡ᠃ ᠪᠥᠬᠦ ᠬᠤᠰᠢᠭᠤᠨ ᠤ 0 ︱ 59 ᠪᠦᠬᠦᠯᠢ ᠨᠠᠰᠤᠨ ᠤ ᠵᠡᠮᠳᠡᠭ ᠤᠨ ᠦᠨᠡᠮᠯᠡᠯ ᠲᠠᠢ 1915 ᠨᠡᠷ᠎ᠡ ᠵᠡᠮᠳᠡᠭᠴᠦᠳ ᠢ ᠪᠦᠬᠦᠨ ᠢ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠳᠤ ᠣᠷᠤᠭᠤᠯᠪᠠ᠃ ᠶᠡᠭᠡ ᠰᠤᠷᠭᠠᠭᠤᠯᠢ ᠳᠤ ᠰᠢᠨ᠎ᠡ ᠪᠠᠷ ᠡᠯᠰᠡᠭᠳᠡᠭᠰᠡᠨ ᠵᠡᠮᠳᠡᠭ ᠰᠣᠷᠣᠭᠴᠢ ᠪᠠ ᠵᠡᠮᠳᠡᠭ ᠤᠨ ᠭᠡᠷ ᠪᠦᠯᠢ ᠶᠢᠨ ᠦᠷ᠎ᠡ ᠬᠡᠦᠬᠡᠳ ᠵᠡᠷᠭᠡ 17 ᠨᠡᠷ᠎ᠡ ᠰᠤᠷᠤᠭᠴᠢ ᠳᠤ ᠨᠡᠶᠢᠲᠡ 3 ᠲᠦᠮᠡᠨ ᠲᠥᠭᠦᠷᠢᠭ ᠤᠨ ᠲᠤᠰᠠᠯᠠᠮᠵᠢ ᠬᠠᠩᠭᠠᠪᠠ᠃ ᠨᠥᠬᠦᠴᠡᠯ ᠳᠤ ᠨᠡᠶᠢᠴᠡᠬᠦ 14 ᠨᠡᠷ᠎ᠡ ᠵᠡᠮᠳᠡᠭᠴᠦᠳ ᠲᠤ 28 ᠲᠦᠮᠡᠨ ᠲᠥᠭᠦᠷᠢᠭ ᠤᠨ  ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠨᠥᠬᠦᠪᠦᠷᠢ ᠣᠯᠭᠤᠪᠠ᠃ 86 ᠡᠷᠦᠬᠡ ᠶᠢᠨ ᠪᠠᠴᠢᠮ ᠬᠡᠷᠡᠭᠴᠡᠭᠡ ᠱᠠᠭᠠᠷᠳᠠᠯᠭ᠎ᠠ ᠲᠠᠢ ᠬᠦᠴᠢᠷᠳᠡᠯᠲᠡᠢ ᠬᠦᠨᠳᠦ ᠳᠡᠰ ᠤᠨ ᠵᠡᠮᠳᠡᠭᠴᠦᠳ ᠤᠨ ᠭᠡᠷ ᠪᠦᠯᠢ ᠶᠢᠨ ᠰᠠᠭᠠᠳ ᠦᠭᠡᠢ ᠶᠢᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ ᠰᠠᠭᠠᠳ ᠦᠭᠡᠢ ᠶᠢᠨ ᠥᠭᠡᠷᠡᠴᠢᠯᠡᠯᠲᠡ ᠶᠢᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠦᠨᠡᠨᠬᠦ ᠨᠡᠪᠲᠡᠷᠡᠭᠦᠯᠪᠡ᠃ 237 ᠨᠡᠷ᠎ᠡ ᠵᠡᠮᠳᠡᠭᠴᠦᠳ ᠲᠤ 237 ᠢᠵᠢ ᠲᠤᠰᠠᠯᠠᠬᠤ ᠪᠠᠭᠠᠵᠢ ᠬᠡᠷᠡᠭᠰᠡᠯ ᠢ ᠦᠨ᠎ᠡ ᠲᠥᠯᠥᠪᠦᠷᠢ ᠦᠭᠡᠢ ᠪᠠᠷ ᠲᠠᠷᠬᠠᠭᠠᠵᠤ᠂ ᠬᠡᠷᠡᠭᠴᠡᠭᠡ ᠱᠠᠭᠠᠷᠳᠠᠯᠭ᠎ᠠ  ᠲᠠᠢ 16 ᠨᠡᠷ᠎ᠡ ᠵᠡᠮᠳᠡᠭᠴᠦᠳ ᠲᠤ 20 ᠬᠢᠮᠡᠯ ᠮᠥᠴᠢ ᠶᠢ ᠦᠨ᠎ᠡ ᠲᠥᠯᠥᠪᠦᠷᠢ ᠦᠭᠡᠢ ᠪᠠᠷ ᠲᠣᠬᠢᠷᠠᠭᠤᠯᠤᠨ ᠥᠭᠴᠦ᠂ 38 ᠨᠡᠷ᠎ᠡ ᠰᠣᠨᠣᠷ ᠤᠨ ᠵᠡᠮᠳᠡᠭᠴᠦᠳ ᠲᠤ ᠰᠣᠨᠣᠷ ᠲᠤᠳᠤᠤᠡᠬᠠᠭᠤᠷ ᠲᠣᠬᠢᠷᠠᠭᠤᠯᠵᠤ ᠥᠭᠪᠡ᠃ 216 ᠨᠡᠷ᠎ᠡ ᠣᠶᠤᠨ ᠰᠠᠨᠠᠭ᠎ᠠ᠂ ᠣᠶᠤᠨ ᠤᠬᠠᠭᠠᠨ ᠤ ᠰᠠᠭᠠᠲᠠᠯ ᠲᠠᠢ ᠵᠡᠮᠳᠡᠭᠴᠦᠳ ᠪᠠ ᠬᠦᠨᠳᠦ ᠲᠠᠰ ᠤᠨ ᠮᠥᠴᠢ ᠡᠷᠬᠡᠲᠡᠨ ᠤ ᠭᠡᠮᠲᠦᠯ ᠲᠠᠢ ᠵᠡᠮᠳᠡᠭᠴᠦᠳ ᠲᠤ ᠭᠡᠷ ᠲᠤᠨᠢ ᠨᠠᠶᠢᠳᠠᠨ ᠠᠰᠠᠷᠠᠭᠤᠯᠬᠤ ᠦᠢᠯᠡᠴᠢᠯᠡᠭᠡ ᠥᠷᠨᠢᠭᠦᠯᠵᠦ᠂ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠨᠣᠷᠮ᠎ᠠ ᠶᠢ 100% ᠳᠤ ᠬᠦᠷᠭᠡᠵᠦ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠵᠤ᠂ ᠵᠡᠮᠳᠡᠭᠴᠦᠳ ᠤᠨ ᠬᠦᠷᠲᠡᠮᠵᠢᠲᠦ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ᠃      ᠪᠠᠷᠠᠭᠤᠨ ᠦᠵᠦᠮᠦᠴᠢᠨ ᠬᠤᠰᠢᠭᠤᠨ ᠤ 2024 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠳᠤ᠂ 330 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠥᠬᠦ ᠬᠤᠰᠢᠭᠤᠨ ᠤ ᠵᠡᠮᠳᠡᠭᠴᠦᠳ ᠲᠤ ᠡᠷᠡᠭᠦᠯᠵᠢᠭᠦᠯᠬᠦ ᠡᠮᠴᠢᠯᠡᠭᠡ᠂ ᠭᠡᠷ ᠲᠤᠨᠢ ᠨᠠᠶᠢᠳᠠᠨ ᠠᠰᠠᠷᠠᠭᠤᠯᠬᠤ᠂ ᠰᠤᠷᠭᠠᠨ ᠬᠥᠮᠦᠵᠢᠯ ᠢᠶᠠᠷ ᠲᠤᠰᠠᠯᠠᠬᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠵᠡᠷᠭᠡ ᠳᠣᠲᠣᠨᠣ ᠦᠢᠯᠡᠴᠢᠯᠡᠭᠡ ᠬᠠᠩᠭᠠᠵᠤ᠂ ᠮᠥᠨ ᠴᠦ ᠬᠤᠰᠢᠭᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠵᠡᠮᠳᠡᠭᠴᠦᠳ ᠤᠨ ᠠᠵᠢᠯ ᠢ ᠰᠠᠶᠢᠲᠤᠷ ᠬᠢᠬᠦ ᠳᠤ ᠬᠦᠴᠦᠲᠡᠢ ᠪᠠᠲᠤᠯᠠᠭ᠎ᠠ ᠬᠠᠩᠭᠠᠨ᠎ᠠ ᠭᠡᠵᠦ ᠳᠤᠷᠠᠳᠤᠭᠰᠠᠨ ᠪᠠᠶᠢᠨ᠎ᠠ᠃     2024 ᠣᠨ ᠳᠤ᠂ ᠬᠤᠰᠢᠭᠤ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠳᠣᠷᠬᠠᠢ ᠲᠣᠭᠲᠠᠭᠠᠭᠰᠠᠨ ᠠᠵᠢᠯ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠠᠵᠢᠯ ᠣᠯᠭᠤᠯᠲᠠ ᠶᠢ ᠠᠬᠢᠭᠤᠯᠤᠨ ᠣᠷᠣᠯᠭ᠎ᠠ ᠶᠢ ᠨᠡᠮᠡᠭᠳᠡᠭᠦᠯᠬᠦ᠂ ᠡᠷᠡᠭᠦᠯᠵᠢᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠬᠦ᠂ ᠵᠡᠮᠳᠡᠭᠴᠦᠳ ᠤᠨ ᠦᠢᠯᠡᠴᠢᠯᠡᠭᠡᠨ ᠤ ᠨᠠᠷᠢᠯᠢᠭ ᠣᠨᠣᠪᠴᠢᠲᠠᠢ ᠪᠠᠶᠢᠬᠤ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠢᠨ᠎ᠡ ᠶᠢ ᠡᠭᠦᠳᠬᠦ ᠶᠢ ᠪᠡᠶᠡᠯᠡᠭᠦᠯᠵᠦ᠂ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ  ᠠᠬᠢᠭᠤᠯᠬᠤ ᠪᠣᠯᠣᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠠᠵᠢᠯᠲᠠᠨ  ᠶᠠᠩ ᠰᠢᠶᠣᠣ ᠶᠦᠨ᠄ 2023 ᠣᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠠᠴᠠ 239 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠵᠡᠮᠳᠡᠭᠴᠦᠳ ᠤᠨ ᠡᠷᠡᠭᠦᠯᠵᠢᠯ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠰᠠᠭᠠᠳ ᠦᠭᠡᠢ ᠶᠢᠨ ᠥᠭᠡᠷᠡᠴᠢᠯᠡᠯᠲᠡ᠂ ᠰᠣᠶᠣᠯ ᠤᠨ ᠠᠮᠢᠳᠤᠷᠠᠯ ᠵᠡᠷᠭᠡ ᠲᠠᠯ᠎ᠠ ᠳᠤ ᠭᠤᠣᠯᠳᠠᠯᠭ᠎ᠠ ᠲᠠᠢ ᠬᠡᠷᠡᠭᠯᠡᠵᠦ᠂ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠢ ᠵᠡᠮᠳᠡᠭᠴᠦᠳ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠢ ᠦᠨᠳᠦᠰᠦᠯᠡᠨ᠂ ᠲᠦᠭᠡᠮᠡᠯ ᠬᠠᠷᠠᠭᠠᠯᠵᠠᠯ ᠤᠨ ᠪᠠᠲᠤᠯᠠᠭ᠎ᠠ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠦᠴᠢᠷᠳᠡᠯᠲᠡᠢ ᠵᠡᠮᠳᠡᠭᠴᠦᠳ ᠲᠤ ᠲᠦᠷ ᠴᠠᠭ ᠤᠨ ᠠᠪᠤᠷᠠᠨ ᠲᠤᠰᠠᠯᠠᠯᠲᠠ᠂ ᠡᠮᠴᠢᠯᠡᠭᠡᠨ ᠤ ᠠᠪᠤᠷᠠᠨ  ᠲᠤᠰᠠᠯᠠᠯᠲᠠ ᠵᠡᠷᠭᠡ ᠲᠤᠰᠬᠠᠢ ᠵᠦᠢᠯ ᠤᠨ ᠪᠠᠲᠤᠯᠠᠭ᠎ᠠ ᠶᠢᠨ ᠳᠦᠷᠢᠮ ᠢ  ᠪᠠᠶᠢᠭᠤᠯᠵᠠᠢ᠃ 2024 ᠣᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠨᠢ ᠤᠯᠤᠰ ᠤᠨ ᠶᠡᠷᠦᠩᠬᠡᠶᠢᠯᠡᠭᠰᠡᠨ ᠠᠮᠤᠷ ᠲᠦᠪᠰᠢᠨ ᠤ ᠦᠵᠡᠯᠲᠡ ᠶᠢ ᠪᠠᠲᠤᠳᠬᠠᠨ᠂ ᠡᠬᠡ ᠤᠯᠤᠰ ᠤᠨ ᠤᠮᠠᠷᠠᠳᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠬᠠᠮᠠᠭᠠᠯᠠᠬᠤ ᠬᠥᠨᠳᠥ ᠴᠢᠬᠤᠯᠠ ᠤᠯᠤᠰ ᠲᠥᠷᠥ ᠶᠢᠨ ᠡᠭᠦᠷᠭᠡ ᠶᠢ ᠡᠷᠡᠰ ᠡᠭᠦᠷᠭᠡᠯᠡᠨ᠂ ᠰᠢ ᠶᠢᠨ ᠫᠢᠩ ᠶᠡᠷᠦᠩᠬᠡᠢ ᠱᠦᠵᠢ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠳᠣᠷᠬᠠᠢ ᠲᠣᠭᠲᠠᠭᠠᠭᠰᠠᠨ ᠡᠮᠵᠢᠯ ᠡᠭᠦᠷᠭᠡ ᠶᠢ ᠨᠠᠶᠢᠳᠠᠪᠤᠷᠢᠵᠢᠭᠤᠯᠬᠤ ᠲᠠᠯ᠎ᠠ ᠪᠠᠷ ᠪᠣᠳᠠᠲᠠᠢ ᠰᠠᠶᠢᠲᠤᠷ ᠠᠳᠬᠤᠵᠤ᠂ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠠᠵᠢᠯ ᠣᠯᠭᠤᠯᠲᠠ ᠶᠢ ᠠᠬᠢᠭᠤᠯᠤᠨ ᠣᠷᠣᠯᠭ᠎ᠠ ᠶᠢ ᠨᠡᠮᠡᠭᠳᠡᠭᠦᠯᠬᠦ᠂ ᠡᠷᠡᠭᠦᠯᠵᠢᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠬᠦ᠂ ᠵᠡᠮᠳᠡᠭᠴᠦᠳ ᠤᠨ ᠦᠢᠯᠡᠴᠢᠯᠡᠭᠡᠨ ᠤ ᠨᠠᠷᠢᠯᠢᠭ ᠣᠨᠣᠪᠴᠢᠲᠠᠢ ᠪᠠᠶᠢᠬᠤ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠢᠨ᠎ᠡ ᠶᠢ ᠡᠭᠦᠳᠬᠦ ᠶᠢ ᠪᠡᠶᠡᠯᠡᠭᠦᠯᠵᠦ᠂ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ  ᠠᠬᠢᠭᠤᠯᠬᠤ ᠪᠣᠯᠣᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号