ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/29
     3 ᠰᠠᠷ᠎ᠠ ᠶᠢᠨ 26᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠷᠠᠯ ᠳᠤ ᠣᠷᠣᠯᠴᠠᠬᠤ ᠶᠣᠰᠣᠲᠠᠢ  30  ᠭᠡᠰᠢᠭᠦᠨ ᠎ ᠠᠴᠠ 23 ᠬᠦᠮᠦᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃
         ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠣᠯᠣᠳ ᠬᠤᠷᠠᠯ ᠢ ᠡᠷᠭᠢᠯᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠠᠢ ᠫᠢᠩ᠂ ᠯᠢᠦ ᠴᠢᠩ᠂  ᠡᠷᠳᠡᠨᠢᠰᠦ᠋ᠷᠦᠭ᠂ ᠯᠦ ᠵᠧᠨ ᠰᠢᠨ ᠵᠢᠴᠢ ᠪᠤᠰᠤᠳ ᠭᠡᠰᠢᠭᠦᠳ ᠬᠤᠷᠠᠯ ᠳᠤ ᠣᠷᠣᠯᠴᠠᠵᠠᠢ᠃
          ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ᠂ ᠬᠤᠰᠢᠭᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢ ᠹᠧᠢ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠢᠶᠠᠨ ᠱᠠᠨ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠪᠦᠦ ᠶᠦᠩ ᠹᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠴᠧᠨ ᠯᠢ ᠵᠢᠤᠸᠠᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠦᠷᠢᠯᠳᠦᠭᠦᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃     ᠬᠤᠷᠠᠯ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠴᠧᠨ ᠯᠢ ᠵᠢᠤᠸᠠᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
         ᠬᠤᠷᠠᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠭᠤᠣᠯᠳᠠᠯᠭ᠎ᠠ᠂ ᠨᠥᠬᠦᠨ ᠰᠣᠩᠭᠤᠬᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠲᠤᠬᠠᠢ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠬᠡᠰᠡᠭ ᠲᠥᠯᠥᠭᠡᠯᠡᠭᠴᠢ ᠶᠢᠨ ᠬᠤᠪᠢᠷᠠᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠣᠷᠴᠢᠨ ᠲᠣᠭᠤᠷᠢᠨ ᠤ ᠪᠠᠶᠢᠳᠠᠯ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠮᠡᠳᠡᠭᠦᠯᠦᠯᠲᠡ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠨᠡᠶᠢᠲᠡ ᠶᠢᠨ ᠥᠮᠴᠢᠯᠡᠯ ᠤᠨ ᠡᠳ᠋ ᠬᠥᠷᠥᠩᠭᠡ ᠶᠢᠨ ᠪᠠᠶᠢᠳᠠᠯ ᠤᠨ ᠲᠤᠬᠠᠢ ᠮᠡᠳᠡᠭᠦᠯᠦᠯᠲᠡ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2023 ᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃      ᠬᠤᠷᠠᠯ ᠳᠤ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠬᠤ ᠲᠤᠰᠢᠶᠠᠯ ᠠᠴᠠ ᠪᠠᠭᠤᠯᠭᠠᠬᠤ ᠶᠠᠪᠤᠳᠠᠯ ᠢ ᠪᠠᠲᠤᠯᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠤ 2023 ᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ  ᠎ ᠢ ᠨᠡᠶᠢᠲᠡᠯᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号