ᠤᠯᠤᠰ ᠤᠨ ᠲᠡᠰ ᠤᠨ ᠪᠤᠲᠠᠰ ᠤᠨ ᠪᠤᠰᠣ ᠰᠤᠶᠤᠯ ᠤᠨ ᠥᠪ —— ᠮᠤᠩᠭᠤᠯ ᠬᠡᠷ
ᠨᠡᠶᠢᠲᠡᠯᠡᠭᠰᠡᠨ ᠴᠠᠭ᠄
2024/3/29
      ᠮᠣᠩᠭᠤᠯ ᠭᠡᠷ ᠨᠢ ᠤᠯᠠᠨ ᠵᠠᠭᠤᠨ ᠤ ᠲᠤᠷᠰᠢ᠂  ᠨᠠᠬᠦᠳᠠᠯᠴᠢᠨ ᠮᠠᠯᠴᠢᠳ ᠤᠨ ᠪᠣᠳᠠᠰ ᠤᠨ ᠠᠮᠢᠳᠤᠷᠠᠯ ᠪᠠ ᠣᠶᠤᠨ ᠤ ᠠᠮᠢᠳᠤᠷᠠᠯ ᠤᠨ ᠳᠤᠮᠳᠠ ᠴᠢᠬᠤᠯᠠ ᠪᠠᠶᠢᠷᠢ ᠰᠠᠭᠤᠷᠢ ᠲᠠᠢ ᠪᠠᠶᠢᠳᠠᠭ   ᠢᠶᠠᠷ ᠢᠶᠠᠨ  ᠮᠣᠩᠭᠤᠯ ᠭᠡᠷ ᠵᠢᠴᠢ ᠲᠡᠭᠦᠨ ᠤ ᠤᠷᠠᠯᠠᠨ ᠪᠦᠳᠦᠬᠡᠬᠦ ᠤᠷ᠎ᠠ ᠮᠡᠷᠭᠡᠵᠢᠯ ᠨᠢ  ᠨᠡᠭᠦᠳᠡᠯ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠪᠣᠯᠵᠤ ᠂ ᠮᠣᠩᠭᠤᠯ ᠭᠡᠷ ᠬᠢᠬᠦ ᠤᠷ᠎ᠠ ᠮᠡᠷᠭᠡᠵᠢᠯ ᠨᠢ ᠮᠣᠩᠭᠤᠯ ᠦᠨᠳᠦᠰᠦᠲᠡᠨ ᠤ ᠭᠤᠸ᠎ᠠ ᠰᠠᠶᠢᠬᠠᠨ ᠤ ᠦᠵᠡᠯᠲᠡ᠂ ᠠᠪᠬᠠᠯᠵᠢ ᠤᠬᠠᠭᠠᠨ ᠪᠠ  ᠠᠪᠢᠶᠠᠰ ᠴᠢᠳᠠᠪᠤᠷᠢ ᠶᠢ ᠬᠦᠢᠴᠠᠳ ᠬᠠᠷᠠᠭᠤᠯᠵᠤ ᠪᠠᠶᠢᠳᠠᠭ᠃ ᠡᠶᠢᠨᠬᠦ ᠲᠥᠷᠥ   ᠶᠢᠨ ᠶᠠᠪᠤᠳᠠᠯ ᠤᠨ ᠬᠤᠷᠢᠶᠠᠨ ᠠᠴᠠ ᠮᠣᠩᠭᠤᠯ ᠭᠡᠷ ᠬᠢᠬᠦ ᠤᠷ᠎ᠠ ᠮᠡᠷᠭᠡᠵᠢᠯ ᠢ ᠬᠤᠶᠠᠳᠤᠭᠠᠷ ᠪᠦᠯᠦᠭ ᠤᠨ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠵᠦᠢᠯᠡᠰ ᠲᠤ  ᠪᠦᠷᠢᠳᠭᠡᠵᠤ᠂ ᠮᠤᠩᠭᠤᠯ ᠬᠡᠷ ᠬᠢᠬᠦ ᠣᠷ᠎ᠠ ᠮᠠᠷᠬᠡᠵᠢᠯ ‍ᠤᠨ‌ᠥᠪᠡᠷᠮᠢᠴᠡ ᠣᠨᠴᠠᠯᠢᠭ ᠪᠠ ᠤᠯᠠᠮᠵᠢᠯᠠᠨ ᠵᠠᠯᠭᠠᠮᠵᠢᠯᠠᠬᠤ   ᠶᠢᠨ ᠴᠢᠬᠤᠯᠠ ᠴᠢᠨᠠᠷ   ᠢ  ᠬᠡᠷᠡᠴᠢᠯᠡᠭᠰᠠᠨ ᠪᠠᠶᠢᠨ᠎ᠠ  ᠃
          ᠪᠠᠷᠠᠭᠤᠨ ᠦᠵᠦᠮᠦᠴᠢᠨ  ᠬᠤᠰᠢᠭᠤ ᠨᠢ  ᠵᠢᠭᠤᠯᠴᠢᠯᠠᠯ ᠤᠨ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ  ᠭᠠᠵᠠᠷ   ᠤᠨ ᠲᠤᠳᠠᠭᠤᠳᠠᠯ ᠢ ᠨᠦᠬᠦᠪᠤᠷᠢᠯᠠᠨ᠂  ᠲᠦᠷᠪᠡᠨ ᠤᠯᠠᠷᠢᠯ ᠤᠨ ᠵᠤᠭᠠᠴᠠᠯ ᠳᠤ ᠰᠣᠶᠣᠯ ᠤᠨ ᠡᠯᠧᠮᠧᠨ᠋ᠲ ᠢ ᠨᠠᠮᠠᠷᠢᠯᠠᠬᠦ ᠶᠢᠨ ᠲᠤᠰᠠᠳᠠ᠂  ᠠᠶᠢᠮᠠᠭ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠮᠣᠩᠭᠤᠯ ᠭᠡᠷ  ᠬᠢᠬᠦ ᠤᠷ᠎ᠠ ᠮᠡᠷᠭᠡᠵᠢᠯ ᠤᠨ ᠲᠥᠯᠥᠭᠡᠯᠡᠬᠦ ᠴᠢᠨᠠᠷᠲᠠᠢ  ᠦᠪᠯᠠᠨ ᠤᠯᠠᠮᠵᠢᠯᠠᠭᠴᠢ  ᠰᠣᠶᠤᠯᠳᠣ ᠶᠢᠨ ᠨᠠᠷᠢᠯᠢᠭ  ᠵᠣᠬᠢᠶᠠᠨ ᠪᠦᠳᠦᠭᠡᠭᠰᠡᠨ ᠪᠣᠳᠠᠰ ᠤᠨ ᠪᠤᠰᠤ ᠰᠣᠶᠣᠯ ᠤᠨ ᠥᠪ ᠤᠨ ᠲᠥᠪᠯᠡᠷᠡᠩᠭᠦᠢ ᠦᠵᠡᠭᠦᠯᠦᠯᠭᠡ ᠶᠢᠨ ᠣᠷᠳᠣᠨ ︱ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ  ᠮᠤᠩᠭᠤᠯ ᠬᠡᠷ ᠢ ᠲᠤᠬᠢᠷᠠᠭᠤᠯᠤᠨ᠂  2023 ᠣᠨ ᠤ 12 ᠰᠠᠷ᠎ᠠ ᠶᠢᠨ 18 ᠤ ᠡᠳᠦᠷ ᠵᠢᠩᠬᠢᠨᠢ ᠪᠠᠷ  ᠦᠵᠡᠬᠦᠯᠤᠯᠬᠡ  ᠡᠬᠢᠯᠡᠭᠰᠠᠨ ᠪᠠᠶᠢᠨ᠎ᠠ᠃
           ᠰᠣᠶᠤᠯᠳᠣ ᠰᠤᠷᠪᠤᠯᠵᠢᠯᠠᠭᠴᠢ ᠳᠤ ᠬᠡᠯᠡᠬᠦ ᠳᠡᠭᠡᠨ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ  ᠮᠤᠩᠭᠤᠯ ᠬᠡᠷ ᠢ  ᠵᠢᠯ ᠭᠠᠷᠤᠢ ᠶᠢᠨ ᠬᠤᠭᠤᠴᠠᠭᠠᠨ ᠳᠤ ᠬᠢᠵᠦ ᠪᠦᠲᠦᠭᠡᠭᠰᠡᠨ ᠶᠤᠮ᠃ ᠦᠵᠡᠭᠦᠯᠦᠯᠭᠡ ᠶᠢᠨ ᠮᠤᠩᠭᠤᠯ ᠬᠡᠷ ᠨᠢ ᠣᠯᠠᠨ ᠲᠦᠮᠡᠨ  ᠳᠤ  ᠪᠣᠳᠠᠰ ᠤᠨ ᠪᠤᠰᠤ ᠰᠣᠶᠣᠯ ᠤᠨ ᠥᠪ ᠢ ᠤᠯᠠᠮ ᠭᠦᠨᠵᠡᠬᠡᠢ ᠣᠶᠢᠯᠠᠭᠠᠬᠤ  ᠲᠠᠪᠴᠠᠩ  ᠬᠠᠩᠭᠠᠭᠰᠠᠨ ᠮᠦᠷᠳᠠᠬᠡᠨ ᠪᠤᠳᠠᠰ ᠤᠨ ᠪᠤᠰᠣ ᠰᠣᠶᠤᠯ ᠤᠨ ᠦᠪ ᠤᠨ ᠦᠪᠯᠠᠨ ᠤᠯᠠᠮᠵᠢᠯᠠᠭᠴᠢ ᠳᠤ  ᠥᠪᠡᠷ ᠤᠨ ᠠᠪᠢᠶᠠᠰ ᠴᠢᠳᠠᠪᠤᠷᠢ ᠪᠠᠨ ᠢᠯᠡᠷᠡᠭᠦᠯᠬᠦ ᠲᠠᠪᠴᠠᠩ ᠬᠠᠩᠭᠠᠵᠦ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ   ᠢ ᠤᠯᠠᠮᠵᠢᠯᠠᠨ ᠵᠠᠯᠭᠠᠮᠵᠢᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ   ᠶᠢ ᠳᠡᠯᠭᠡᠨ ᠦᠵᠡᠭᠦᠯᠬᠦ ᠪᠣᠯᠣᠨ᠎ᠠ ᠬᠡᠵᠡᠢ᠃
           ᠰᠣᠶᠤᠯᠳᠣ ᠮᠣᠩᠭᠤᠯ ᠭᠡᠷ  ᠬᠢᠬᠦ ᠤᠷ᠎ᠠ ᠮᠡᠷᠭᠡᠵᠢᠯ   ᠢ ᠤᠯᠠᠮᠵᠢᠯᠠᠨ ᠵᠠᠯᠭᠠᠮᠵᠢᠯᠠᠬᠤ ᠳᠤ ᠦᠪᠡᠷ ᠤᠨ ᠤᠶᠢᠭ᠎ᠠ ᠦᠭᠡᠢ ᠬᠦᠴᠦᠨ ᠵᠢᠳᠬᠦᠯ ᠢᠶᠠᠨ ᠭᠠᠷᠭᠠᠭᠰᠠᠭᠠᠷ ᠢᠷᠡᠵᠠᠢ᠃ ᠲᠡᠭᠦᠨ ᠤ ᠬᠦᠦ  ᠰᠣᠳᠣᠬᠡᠷᠡᠯ  ᠠᠪᠤ ᠶᠢᠨ ᠢᠶᠠᠨ ᠨᠥᠯᠥᠭᠡ ᠪᠠᠷ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠦᠢᠯᠠᠰ ᠤᠨ ᠲᠦᠯᠤᠬᠡᠨ᠎ᠠ ᠢᠳᠠᠪᠬᠢᠳᠠᠢ ᠠᠵᠢᠯᠯᠠᠨ᠂ ᠤᠯᠠᠮᠵᠢᠯᠠᠯᠲᠤ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠶᠢᠨ ᠬᠠᠮᠲᠤ ᠲᠠᠰᠤᠷᠠᠯᠲᠠ ᠦᠭᠡᠢ ᠰᠢᠨ᠎ᠡ ᠶᠢ ᠡᠭᠦᠳᠴᠦ᠂᠂ ᠮᠤᠩᠭᠤᠯ ᠬᠡᠷ ᠬᠢᠬᠦ ᠤᠷ᠎ᠠ ᠮᠠᠷᠬᠡᠵᠢᠯ ᠢᠶᠠᠷ ᠰᠠᠭᠤᠷᠢᠯᠠᠨ᠂ ︽ ᠮᠤᠩᠭᠤᠯ ᠬᠡᠷ ᠤᠨ ᠵᠠᠭᠪᠤᠷ︾᠂ ︽ᠬᠠᠮ  ᠲᠠᠷᠬᠡᠨ ᠤ ᠵᠠᠭᠪᠤᠷ︾ ᠵᠡᠷᠭᠡ ᠠᠷᠪᠠ ᠭᠠᠷᠤᠢ ᠵᠦᠢᠯ ᠤᠨ ᠪᠦᠳᠦᠬᠡᠯ ᠤᠷᠠᠯᠠᠨ ᠬᠢᠵᠦ᠂ ᠤᠯᠤᠰ ᠤᠨ ᠲᠤᠰᠬᠠᠢ ᠠᠰᠢᠭ ᠤᠨ ᠡᠷᠬᠡ ᠶᠢ ᠡᠷᠡᠮᠡᠯᠵᠡᠯᠡᠭᠰᠡᠨ ᠪᠠᠶᠢᠨ᠎ᠠ᠃       ᠠᠷᠠᠳ ᠤᠨ ᠳᠤᠮᠳᠠᠬᠢ ᠤᠯᠠᠮᠵᠢᠯᠠᠯᠳᠣ ᠰᠤᠶᠤᠯ ᠪᠣᠯ ᠮᠠᠨ ᠤ ᠡᠪᠦᠭᠡ ᠳᠡᠭᠡᠳᠦᠰ ᠤᠨ ᠦᠯᠡᠳᠡᠭᠡᠭᠰᠡᠨ ᠡᠷᠬᠢᠮ ᠨᠠᠨᠳᠢᠨ ᠥᠪ ᠬᠥᠷᠥᠩᠭᠡ ᠮᠥᠨ᠂ ᠪᠠᠷᠠᠭᠤᠨ ᠦᠵᠦᠮᠦᠴᠢᠨ  ᠬᠤᠰᠢᠭᠤ ᠨᠢ  ᠤᠯᠠᠨ ᠲᠦᠷᠦᠯ ᠤᠨ ᠪᠦᠲᠦᠮᠵᠢᠲᠡᠶ ᠠᠵᠢᠯ ᠬᠢᠵᠦ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠨᠢᠭᠡᠪᠦᠷᠢ ᠳᠤ ᠠᠭᠤᠯᠤᠭᠳᠠᠵᠤ ᠪᠠᠶᠢᠭ᠎ᠠ ᠳᠤᠮᠳᠠᠳᠤ ᠶᠢᠨ ᠰᠣᠶᠣᠯ ᠤᠨ ᠦᠵᠡᠯ ᠰᠠᠨᠠᠭᠠᠨ ᠤ ᠭᠤᠣᠯ ᠴᠢᠮᠦᠭᠡ ᠪᠠ ᠣᠶᠤᠨ ᠰᠠᠨᠠᠭᠠᠨ ᠤ ᠲᠡᠮᠳᠡᠭ ᠢ ᠭᠦᠢᠴᠡᠳ ᠠᠭᠤᠳᠠᠯᠵᠤ᠂ ᠤᠮᠠᠷᠠᠲᠤ  ᠬᠢᠯᠢ ᠶᠢᠨ ᠰᠣᠶᠣᠯ ᠤᠨ ᠲᠦᠷᠦᠯ ᠲᠡᠮᠳᠡᠭ ᠢ ᠪᠦᠬᠦ ᠲᠠᠯ᠎ᠠ ᠪᠠᠷ ᠡᠬᠦᠳᠴᠦ᠂ ᠪᠠᠷᠠᠭᠤᠨ ᠦᠵᠦᠮᠦᠴᠢᠨ ᠬᠤᠰᠢᠭᠤᠨ ᠤ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠢ ᠨᠡᠩ ᠲᠠᠩᠰᠤᠭ ᠰᠠᠶᠢᠬᠠᠨ ᠪᠣᠯᠭᠠᠬᠤ  ᠪᠠᠷ ᠮᠠᠷᠠᠶᠢᠨ ᠠᠵᠢᠯᠯᠠᠵᠤ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号