ᠥᠪᠥᠷ ᠮᠣᠩᠭᠤᠯ ᠤᠨ ᠵᠥᠩ ᠰᠢᠨ ᠣᠯᠠᠨ ᠤᠯᠤᠰ ᠤᠨ ᠵᠢᠭᠤᠯᠴᠢᠯᠠᠯ ᠤᠨ ᠺᠣᠮᠫᠠᠨᠢ ᠶᠢᠨ ᠲᠤᠭᠤᠷᠢᠨ ᠪᠠᠶᠢᠴᠠᠭᠠᠬᠤ ᠪᠦᠯᠬᠦᠮ ᠪᠠᠷᠠᠭᠤᠨ ᠦᠵᠦᠮᠦᠴᠢᠨ ᠬᠤᠰᠢᠭᠤᠨ ᠳᠤ ᠲᠤᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2024/3/4
     2 ᠰᠠᠷ᠎ᠠ ᠶᠢᠨ 27᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠬᠤᠷᠠᠯ ᠦᠵᠡᠰᠬᠦᠯᠡᠩ ᠤᠨ ᠲᠥᠪ ᠤᠨ ᠨᠢᠭᠡᠳᠦᠭᠡᠷ ᠬᠤᠷᠠᠯ ᠤᠨ ᠭᠡᠷ ᠲᠤ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ  ᠬᠤᠷᠠᠯᠳᠤᠭᠤᠯᠵᠤ᠂  ᠪᠠᠷᠠᠭᠤᠨ ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ᠂ ᠣᠷᠣᠨ ᠨᠤᠲᠤᠭ ᠤᠨ ᠵᠠᠩ ᠦᠢᠯᠡ᠂ ᠪᠠᠶᠢᠭᠠᠯᠢ ᠶᠢᠨ ᠦᠵᠡᠮᠵᠢ ᠵᠡᠷᠭᠡ ᠶᠢ ᠲᠠᠨᠢᠯᠴᠠᠭᠤᠯᠪᠠ᠃ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶᠠᠨ ᠤ ᠬᠠᠷᠢᠭᠤᠴᠠᠯᠭᠠᠲᠠᠨ᠂ ᠥᠪᠥᠷ ᠮᠣᠩᠭᠤᠯ ᠤᠨ ᠵᠥᠩ ᠰᠢᠨ ᠣᠯᠠᠨ ᠤᠯᠤᠰ ᠤᠨ ᠵᠢᠭᠤᠯᠴᠢᠯᠠᠯ ᠤᠨ ᠺᠣᠮᠫᠠᠨᠢ ᠶᠢᠨ ᠲᠥᠯᠥᠭᠡᠯᠡᠭᠴᠢ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠦᠢᠯᠡᠰ ᠵᠢᠭᠤᠯᠴᠢᠯᠠᠯ ᠤᠨ ᠠᠵᠤ ᠦᠢᠯᠡᠰ ᠤᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠵᠢᠴᠢ ᠪᠤᠰᠤᠳ ᠵᠢᠭᠤᠯᠴᠢᠯᠠᠯ ᠤᠨ ᠦᠢᠯᠡᠰ  ᠎ ᠤᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃
         ᠲᠠᠨᠢᠯᠴᠠᠭᠤᠯᠭ᠎ᠠ ᠶᠢᠨ ᠬᠤᠷᠠᠯ ᠎ ᠠᠴᠠ ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠦᠵᠡᠰᠬᠦᠯᠡᠩᠲᠦ  ᠰᠠᠶᠢᠬᠠᠨ ᠲᠠᠯ᠎ᠠ ᠨᠤᠲᠤᠭ ᠢᠶᠠᠷ ᠰᠠᠭᠤᠷᠢ ᠪᠣᠯᠭᠠᠵᠤ᠂ ᠦᠵᠡᠮᠵᠢ ᠶᠢᠨ ᠣᠷᠣᠨ ᠢᠶᠠᠷ ᠲᠤᠯᠭᠠᠭᠤᠷᠢᠯᠠᠯ ᠪᠣᠯᠭᠠᠨ᠂ ᠵᠢᠭᠤᠯᠴᠢᠯᠠᠯ ᠤᠨ ᠵᠠᠮ ᠱᠤᠭᠤᠮ ᠢᠶᠠᠷ ᠬᠤᠯᠪᠣᠭᠠᠰᠤ ᠪᠣᠯᠭᠠᠵᠤ᠂ ᠵᠢᠭᠤᠯᠴᠢᠯᠠᠯ ᠤᠨ ᠠᠵᠤ ᠦᠢᠯᠡᠰ ᠢᠶᠠᠷ  ᠳᠠᠶᠢᠴᠢᠯᠠᠨ ᠪᠣᠢ ᠪᠣᠯᠭᠠᠭᠰᠠᠨ ᠵᠢᠭᠤᠯᠴᠢᠯᠠᠯ ᠤᠨ ᠪᠠᠶᠢᠷᠢᠰᠢᠯ ᠨᠢ ᠰᠣᠶᠣᠯ ᠪᠠ ᠵᠢᠭᠤᠯᠴᠢᠯᠠᠯ ᠤᠨ ᠠᠭᠤᠰᠤᠯᠴᠠᠯ ᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃ ᠲᠤᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ  ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠠᠮᠲᠤᠪᠠᠷ ᠪᠠᠶᠢᠭᠤᠯᠵᠤ᠂ ᠬᠤᠶᠠᠷ ᠲᠠᠯ᠎ᠠ ᠶᠢᠨ ᠰᠣᠶᠣᠯ ᠵᠢᠭᠤᠯᠴᠢᠯᠠᠯ ᠤᠨ ᠬᠠᠮᠲᠤᠷᠠᠯᠴᠠᠭ᠎ᠠ ᠶᠢ ᠰᠢᠨ᠎ᠡ ᠳᠡᠭᠲᠡᠷ ᠲᠤ ᠭᠠᠷᠭᠠᠬᠤ ᠪᠠᠷ ᠬᠠᠮᠲᠤᠪᠠᠷ ᠴᠢᠷᠮᠠᠶᠢᠵᠤ᠂  ᠪᠠᠷᠠᠭᠤᠨ ᠦᠵᠦᠮᠦᠴᠢᠨ ᠬᠤᠰᠢᠭᠤ ᠶᠢ ᠨᠡᠩ ᠣᠯᠠᠨ ᠬᠦᠮᠦᠨ ᠳᠤ ᠣᠶᠢᠯᠠᠭᠠᠭᠤᠯᠵᠤ᠂ ᠨᠡᠩ ᠣᠯᠠᠨ ᠵᠢᠭᠤᠯᠴᠢᠯᠠᠭᠰᠠᠳ ᠢ ᠤᠭᠲᠤᠨ ᠠᠪᠴᠢᠷᠠᠬᠤ ᠶᠢ ᠬᠦᠰᠡᠵᠦ ᠪᠠᠶᠢᠨ᠎ᠠ ᠭᠡᠵᠡᠢ᠃
       ᠲᠠᠨᠢᠯᠴᠠᠭᠤᠯᠭ᠎ᠠ ᠶᠢᠨ ᠬᠤᠷᠠᠯ ᠳᠤ᠂ ᠦᠢᠯᠡᠰ ᠵᠢᠭᠤᠯᠴᠢᠯᠠᠯ ᠤᠨ ᠠᠵᠤ ᠦᠢᠯᠡᠰ ᠤᠨ  ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠥᠪᠥᠷ ᠮᠣᠩᠭᠤᠯ ᠤᠨ ᠵᠦᠩ ᠰᠢᠨ ᠤᠯᠠᠨ ᠤᠯᠤᠰ ᠤᠨ ᠵᠢᠭᠤᠯᠴᠢᠯᠠᠯ ᠤᠨ ᠺᠣᠮᠫᠠᠨᠢ ᠲᠠᠢ ᠬᠠᠮᠲᠤᠷᠠᠯᠴᠠᠭᠠᠨ ᠤ ᠲᠠᠯ᠎ᠠ ᠪᠠᠷ ᠰᠠᠨᠠᠯ ᠨᠢᠭᠡᠳᠴᠦ ᠪᠠᠶᠢᠯ᠎ᠠ᠃ ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠠᠴᠠ ᠵᠢᠭᠤᠯᠴᠢᠯᠠᠯ ᠤᠨ ᠠᠵᠢᠯ ᠢ ᠶᠡᠭᠡ ᠪᠠᠷ ᠳᠡᠮᠵᠢᠵᠦ᠂ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ  ᠵᠢᠭᠤᠯᠴᠢᠯᠠᠯ ᠤᠨ ᠠᠷᠪᠠᠨ ᠵᠤᠷᠪᠤᠰ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ ᠵᠢᠭᠤᠯᠴᠢᠯᠠᠯ ᠤᠨ ᠦᠢᠯᠡᠰ ᠢ ᠲᠤᠰᠠᠯᠠᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ︽ᠭᠠᠳᠠᠭᠰᠢ ᠭᠠᠷᠬᠤ᠂ ᠤᠷᠢᠵᠤ ᠠᠪᠴᠢᠷᠠᠬᠤ︾ ᠵᠡᠷᠭᠡ ᠠᠷᠭ᠎ᠠ ᠮᠠᠶ᠋ᠢᠭ ᠢ ᠦᠷᠭᠦᠯᠵᠢᠯᠡᠨ ᠥᠷᠨᠢᠭᠦᠯᠵᠦ᠂ ᠵᠢᠭᠤᠯᠴᠢᠯᠠᠯ ᠤᠨ ᠠᠵᠢᠯ ᠲᠥᠷᠥᠯ ᠤᠨ ᠬᠥᠭᠵᠢᠯᠲᠡ ᠶᠢ ᠲᠦᠯᠬᠢᠨ  ᠠᠬᠢᠭᠤᠯᠪᠠ ᠬᠡᠵᠡᠢ᠃     ᠬᠤᠷᠠᠯ ᠠᠴᠠ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠡᠯᠪᠡᠭ  ᠪᠠᠶᠢᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢᠶᠠᠨ ᠴᠤ ᠰᠢᠯᠢᠳᠡᠭᠵᠢᠭᠦᠯᠵᠦ ᠪᠣᠢ᠃ ᠥᠷᠭᠡᠨ ᠤᠯᠠᠨ ᠵᠢᠭᠤᠯᠴᠢᠯᠠᠯ ᠤᠨ ᠠᠵᠤ ᠠᠬᠤᠶᠢᠯᠠᠯ ᠪᠣᠯᠣᠨ ᠵᠢᠭᠤᠯᠴᠢᠯᠠᠭᠰᠠᠳ ᠤᠨ ᠪᠠᠷᠠᠭᠤᠨ ᠦᠵᠦᠮᠦᠴᠢᠨ ᠬᠤᠰᠢᠭᠤᠨ ᠳᠤ ᠢᠷᠡᠵᠤ ᠲᠠᠯ᠎ᠠ ᠨᠤᠲᠤᠭ ᠤᠨ ᠦᠵᠡᠮᠵᠢ ᠶᠢ ᠰᠣᠨᠢᠷᠬᠠᠨ᠂ ᠤᠷᠳᠤ ᠶᠢᠨ ᠳᠠᠭᠤᠤ  ᠬᠦᠦᠮᠡᠢ ᠶᠢᠨ ᠠᠶᠠᠯᠭᠤ ᠶᠢ ᠰᠣᠨᠣᠰᠤᠨ᠂ ᠮᠣᠩᠭᠤᠯ ᠭᠡᠷ᠂ ᠦᠵᠦᠮᠦᠴᠢᠨ ᠴᠠᠭᠠᠨ ᠠᠳᠤᠭᠤ᠂ ᠨᠠᠶᠢᠷ ᠨᠠᠭᠠᠳᠤᠮ ᠢ ᠪᠡᠶᠡᠴᠢᠯᠡᠨ ᠣᠶᠢᠯᠠᠭᠠᠵᠤ᠂ ︽99 ᠨᠣᠮᠧᠷᠲᠤ ᠵᠠᠰᠠᠮᠠᠯ ᠵᠠᠮ︾᠎ ᠢᠶᠠᠷ ᠠᠶᠠᠯᠠᠨ ᠲᠠᠯ᠎ᠠ ᠨᠤᠲᠤᠭ ᠤᠨ ᠠᠭᠤᠳᠠᠮ ᠲᠡᠨᠢᠭᠡᠷ ᠢ ᠪᠠᠭ᠋ᠠᠳᠤᠨ᠂ ᠰᠡᠳᠬᠢᠯ ᠪᠠᠶᠠᠰᠤᠨ ᠴᠢᠯᠦᠭᠡᠲᠡᠢ ᠵᠤᠭᠠᠯᠠᠬᠤ ᠶᠢ ᠤᠷᠢᠵᠤ ᠪᠠᠶᠢᠨ᠎ᠠ ᠬᠡᠵᠡᠢ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号