ᠶᠣᠣ ᠬᠤᠩ ᠭᠠᠩ ᠠᠵᠤ ᠠᠬᠤᠶᠢᠯᠠᠯ ᠤᠨ ᠠᠵᠢᠯᠯᠠᠭᠠᠨ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/4
                                               2 ᠰᠠᠷ᠎ᠠ ᠶᠢᠨ 27᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠠᠵᠤ ᠠᠬᠤᠶᠢᠯᠠᠯ ᠤᠨ ᠠᠵᠢᠯᠯᠠᠭᠠᠨ ᠪᠠ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠣᠯᠴᠠᠪᠠ᠃
     ᠶᠣᠣ ᠬᠤᠩ ᠭᠠᠩ ᠨᠠᠷ ᠡᠩ ᠲᠡᠷᠢᠭᠦᠨ ᠳᠤ ᠬᠠᠳᠠᠲᠤ ᠨᠡᠭᠦᠷᠡᠰᠦᠨ ᠠᠭᠤᠷᠬᠠᠢ ᠶᠢᠨ ᠬᠠᠶᠠᠭᠳᠠᠮᠠᠯ ᠨᠦᠬᠡ ᠶᠢᠨ ᠠᠮᠢ ᠠᠬᠤᠢ ᠶᠢᠨ ᠵᠠᠰᠠᠯᠲᠠ ᠶᠢᠨ ᠲᠦᠷᠦᠯ ᠵᠦᠢᠯ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ  ᠪᠣᠬᠢᠷᠲᠤᠯ ᠦᠭᠡᠢ ᠰᠢᠢᠳᠪᠦᠷᠢᠯᠡᠬᠦ ᠦᠢᠯᠡᠳᠪᠦᠷᠢ᠂ ᠡᠮ ᠡᠮᠨᠡᠯᠭᠡ ᠶᠢᠨ ᠬᠠᠶᠠᠭᠳᠠᠮᠠᠯ ᠪᠣᠳᠠᠰ ᠢ ᠪᠣᠬᠢᠷᠲᠤᠯ ᠦᠭᠡᠢ ᠰᠢᠢᠳᠪᠦᠷᠢᠯᠡᠬᠦ ᠦᠢᠯᠡᠳᠪᠦᠷᠢ ᠳᠤ ᠭᠦᠨᠵᠡᠭᠡᠶᠢᠷᠡᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢ ᠨᠠᠷᠢᠨ ᠨᠢᠮᠪᠠᠢ ᠪᠠᠶᠢᠴᠠᠭᠠᠨ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠥᠷᠥᠯ ᠵᠦᠢᠯ ᠤᠨ ᠠᠬᠢᠴᠠ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠵᠢᠴᠢ ᠳᠠᠷᠠᠭ᠎ᠠ ᠠᠯᠬᠤᠮ ᠤᠨ ᠠᠵᠢᠯ ᠤᠨ ᠲᠣᠬᠢᠷᠠᠭᠤᠯᠤᠯᠲᠠ ᠵᠡᠷᠭᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃     ᠶᠣᠣ ᠬᠤᠩ ᠭᠠᠩ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠠᠮᠢᠨ ᠰᠤᠳᠠᠰᠤ ᠮᠥᠨ᠂ ᠠᠵᠤ ᠠᠬᠤᠶᠢᠯᠠᠯ ᠨᠢ ᠠᠶᠤᠯᠭᠦᠢ ᠦᠢᠯᠡᠳᠪᠦᠷᠢᠯᠡᠯ ᠢ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠡᠯ᠎ᠡ ᠵᠦᠢᠯ ᠤᠨ ᠳᠦᠷᠢᠮ ᠲᠣᠭᠲᠠᠭᠠᠯ ᠪᠣᠯᠣᠨ ᠠᠵᠢᠯᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠪᠠᠶᠢᠩᠭᠤ ᠴᠢᠩᠭ᠎ᠠ ᠠᠳᠬᠤᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠬᠤᠭᠤᠴᠠᠭ᠎ᠠ ᠶᠢ  ᠪᠠᠶᠢᠷᠢᠯᠠᠭᠤᠯᠵᠤ᠂ ᠲᠥᠯᠥᠪᠯᠡᠭᠡ ᠲᠠᠢ ᠪᠠᠷ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ᠂ ᠬᠦᠴᠦᠨ ᠢᠶᠠᠨ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠡᠷᠲᠡ ᠪᠦᠲᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠡᠢ᠃
       ᠳᠠᠷᠠᠭ᠎ᠠ ᠨᠢ᠂ ᠶᠣᠣ ᠬᠤᠩ ᠭᠠᠩ ᠪᠠᠷᠠᠭᠤᠨ ᠦᠵᠦᠮᠦᠴᠢᠨ ᠬᠤᠰᠢᠭᠤᠨ ᠤ ᠠᠩᠬ᠎ᠠ ᠵᠡᠷᠭᠡ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ᠂ ᠪᠠᠭᠰᠢ ᠶᠢᠨ ᠬᠦᠴᠦᠨ ᠤ ᠲᠣᠬᠢᠷᠠᠭᠤᠯᠤᠯᠲᠠ᠂ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠳᠡᠭᠡᠭᠰᠢᠯᠡᠯᠲᠡ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠵᠡᠷᠭᠡ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠲᠠᠯ᠎ᠠ ᠪᠠᠷ ᠨᠠᠷᠢᠨ ᠣᠶᠢᠯᠠᠭᠠᠪᠠ᠃     ᠶᠣᠣ ᠬᠤᠩ ᠭᠠᠩ ᠴᠢᠬᠤᠯᠠᠴᠢᠯᠠᠭᠰᠠᠨ ᠨᠢ᠂ ᠰᠤᠷᠭᠠᠭᠤᠯᠢ ᠡᠷᠬᠢᠯᠡᠬᠦ ᠵᠥᠪ ᠴᠢᠭᠯᠡᠯ ᠢ ᠪᠠᠷᠢᠮᠲᠠᠯᠠᠵᠤ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠢ᠃ ᠰᠤᠷᠭᠠᠭᠤᠯᠢ ᠨᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠰᠠᠭᠤᠷᠢ ᠠᠵᠢᠯ ᠪᠣᠯᠭᠠᠨ ᠠᠳᠬᠤᠵᠤ᠂ ᠡᠷᠬᠢᠮ ᠳᠡᠭᠡᠳᠦ ᠮᠣᠷᠠᠯ ᠲᠠᠢ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠪᠦᠲᠦᠴᠡ ᠨᠢ ᠵᠣᠬᠢᠰᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠲᠤᠰᠬᠠᠶᠢᠵᠢᠭᠰᠠᠨ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠴᠢᠷᠮᠠᠶᠢᠨ ᠳᠠᠪᠲᠠᠨ ᠪᠣᠯᠪᠠᠰᠤᠷᠠᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠬᠡᠷᠡᠭᠲᠡᠢ᠃ ᠬᠢᠴᠢᠶᠡᠯ ᠎ ᠤᠨ ᠪᠠᠶᠢᠷᠢᠯᠠᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠣᠨᠤᠭ ᠲᠥᠬᠦᠭᠡᠷᠦᠮᠵᠢ ᠶᠢ ᠳᠡᠭᠡᠭᠰᠢᠯᠡᠭᠦᠯᠦᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠭᠰᠠᠨ ᠠᠴᠠ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠲᠡᠶᠢᠰᠢ ᠬᠥᠭᠵᠢᠭᠦᠯᠬᠦ ᠶᠢ ᠲᠦᠯᠬᠢᠨ ᠠᠬᠢᠭᠤᠯᠵᠤ᠂ ᠠᠷᠠᠳ ᠣᠯᠠᠨ ᠤ ᠴᠢᠨᠠᠷ ᠰᠠᠶᠢᠲᠠᠢ ᠰᠤᠷᠭᠠᠨ ᠬᠥᠮᠦᠵᠢᠯ ᠤᠨ ᠲᠤᠬᠠᠢ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号