ᠮᠥᠩᠭᠦᠨᠱᠠ ᠥᠪᠥᠷ ᠮᠣᠩᠭᠤᠯ ᠤᠨ ᠫᠢᠩ ᠰᠢ ᠪᠠᠶᠠᠨᠬᠤᠸᠠ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ᠠᠶᠤᠯᠭᠦᠢ ᠦᠢᠯᠡᠳᠪᠦᠷᠢᠯᠡᠯ ᠢ ᠪᠠᠶᠢᠴᠠᠭᠠᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/3/4
      2 ᠰᠠᠷ᠎ᠠ ᠶᠢᠨ 28᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠮᠥᠩᠭᠦᠨᠱᠠ‌ᠥᠪᠥᠷ ᠮᠣᠩᠭᠤᠯ ᠎ ᠤᠨ ᠫᠢᠩ ᠰᠢ ᠪᠠᠶᠠᠨᠬᠤᠸᠠ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ᠠᠶᠤᠯᠭᠦᠢ ᠦᠢᠯᠡᠳᠪᠦᠷᠢᠯᠡᠯ ᠢ ᠪᠠᠶᠢᠴᠠᠭᠠᠵᠤ ᠬᠢᠨᠠᠨ ᠵᠢᠯᠣᠭᠤᠳᠪᠠ᠃ ᠬᠤᠰᠢᠭᠤ ᠨᠠᠮ ᠤᠨ  ᠬᠤᠷᠢᠶᠠᠨ  ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠦ᠋ ᠪᠦᠦ ᠫᠢᠩ᠂  ᠬᠤᠰᠢᠭᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠣᠯᠴᠠᠪᠠ᠃ ᠮᠥᠩᠭᠦᠨᠱᠠ ᠠᠵᠤ ᠠᠬᠤᠶᠢᠯᠠᠯ ᠤᠨ ᠲᠣᠬᠢᠷᠠᠭᠤᠯᠤᠨ ᠵᠢᠯᠤᠭᠤᠳᠬᠤ ᠲᠥᠪ ᠲᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠶᠠᠷᠢᠯᠴᠠᠬᠤ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠪᠣᠬᠢᠷᠲᠤᠯ ᠦᠭᠡᠢ ᠠᠭᠤᠷᠬᠠᠢ ᠵᠢᠴᠢ ᠣᠶᠤᠨᠴᠢᠯᠠᠭᠰᠠᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠡᠨᠧᠷᠭᠢ ᠶᠢᠨ ᠬᠤᠪᠢᠷᠠᠭᠤᠯᠤᠯᠲᠠ ᠶᠢᠨ ᠲᠥᠷᠥᠯ ᠵᠦᠢᠯ ᠤᠨ ᠲᠥᠯᠦᠪᠵᠢᠭᠦᠯᠭᠡ᠂  ᠮᠠᠯ ᠠᠵᠤ ᠠᠬᠤᠢ ᠪᠠ ᠠᠵᠤ ᠠᠬᠤᠶᠢᠯᠠᠯ ᠤᠨ ᠡᠶ᠎ᠡ ᠵᠣᠬᠢᠴᠠᠯ ᠵᠢᠴᠢ ᠦᠨᠳᠦᠰᠦᠲᠡᠨ ᠤ ᠪᠦᠯᠬᠦᠮᠳᠡᠯ ᠵᠡᠷᠭᠡ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃     ᠮᠥᠩᠭᠦᠨᠱᠠ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠨᠢ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠢ ᠴᠠᠭ ᠢᠮᠠᠭᠲᠠ ᠴᠢᠩᠭᠠᠳᠬᠠᠨ᠂  ᠠᠯᠮᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ ᠪᠣᠯᠣᠨ ᠠᠵᠠ ᠬᠠᠷᠠᠭᠰᠠᠨ ᠪᠤᠳᠤᠯ ᠢ ᠡᠷᠡᠰ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠨᠢᠭᠡᠴᠡ ᠶᠢᠨ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠪᠣᠯᠣᠨ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠴᠢᠩᠭᠠᠳᠬᠠᠵᠤ᠂ ᠠᠮᠤᠷ ᠲᠦᠪᠰᠢᠨ ᠢ ᠡᠬᠢ ᠡᠭᠦᠰᠦᠯ ᠠᠴᠠ ᠨᠢ ᠬᠠᠮᠢᠶᠠᠷᠴᠤ᠂ ᠰᠠᠭᠤᠷᠢ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃     ᠮᠥᠩᠭᠦᠨᠱᠠ ᠴᠢᠬᠤᠯᠠᠴᠢᠯᠠᠭᠰᠠᠨ ᠨᠢ᠂ ᠨᠢᠭᠡ ᠳᠤ᠂ ᠠᠵᠤ ᠠᠬᠤᠶᠢᠯᠠᠯ ᠨᠢ ᠡᠯ᠎ᠡ ᠱᠠᠲᠤᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠶᠠᠷ ᠬᠤᠷᠠᠯ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠬᠡᠮ ᠰᠣᠭᠤᠭ ᠢ ᠪᠠᠶᠢᠴᠠᠭᠠᠬᠤ ᠪᠠ ᠠᠶᠤᠯ ᠲᠦᠭᠰᠢᠭᠦᠷᠢ ᠶᠢ ᠢᠯᠭᠠᠨ ᠲᠠᠨᠢᠬᠤ ᠠᠵᠢᠯ ᠢ ᠤᠯᠠᠮ ᠨᠢᠭᠡ ᠠᠯᠬᠤᠮ ᠥᠷᠨᠢᠭᠦᠯᠵᠦ᠂ ᠡᠭᠡᠯᠵᠢ ᠳᠤᠭᠤᠶᠢᠯᠠᠩ ᠤᠨ ᠬᠠᠮᠢᠶᠠᠷᠤᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠰᠡᠳᠬᠢᠴᠡ ᠶᠢᠨ ᠡᠷᠡᠭᠦᠯ ᠮᠡᠨᠳᠦ ᠶᠢ ᠠᠩᠬᠠᠷᠴᠤ᠂ ᠭᠡᠨᠡᠳᠲᠡ ᠶᠢᠨ ᠪᠠᠶᠢᠳᠠᠯ ᠭᠠᠷᠪᠠᠯ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠶ ᠪᠠᠷ ᠳᠡᠭᠡᠭᠰᠢ ᠮᠡᠳᠡᠭᠦᠯᠬᠦ ᠬᠡᠷᠡᠭᠲᠡᠢ᠃ ᠬᠤᠶᠠᠷ ᠲᠤ᠂ ᠪᠣᠬᠢᠷᠲᠤᠯ ᠦᠭᠡᠢ ᠠᠭᠤᠷᠬᠠᠢ ᠪᠠ ᠣᠶᠤᠨᠴᠢᠯᠠᠭᠰᠠᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠯ ᠤᠨ ᠡᠬᠢᠨ ᠳᠤ ᠱᠠᠭᠠᠷᠳᠠᠭᠰᠠᠨ ᠡᠯ᠎ᠡ ᠵᠦᠢᠯ ᠤᠨ ᠠᠵᠢᠯ ᠡᠭᠦᠷᠭᠡ ᠶᠢ ᠦᠷᠭᠦᠯᠵᠢᠯᠡᠨ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠦᠨᠡᠨᠬᠦ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠭᠠᠵᠤ᠂ ᠮᠠᠯ ᠠᠵᠤ ᠠᠬᠤᠢ ᠪᠠ ᠠᠵᠤ ᠠᠬᠤᠶᠢᠯᠠᠯ ᠤᠨ ᠡᠶ᠎ᠡ ᠵᠣᠬᠢᠴᠠᠩᠭᠤᠢ ᠬᠠᠷᠢᠴᠠᠭ᠎ᠠ ᠶᠢ ᠴᠢᠨᠠᠭᠰᠢᠳᠠ ᠪᠠᠬᠢᠵᠢᠭᠦᠯᠵᠦ᠂ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号