ᠪᠠᠷᠠᠭᠤᠨ ᠦᠵᠦᠮᠦᠴᠢᠨ ᠬᠤᠰᠢᠭᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠠᠴᠢᠯᠠᠬᠡᠨ ᠎ ᠤ ᠴᠢᠨᠠᠷ ᠴᠢᠨᠰᠠᠭ᠎ᠠ ᠎ ᠶᠢ ᠳᠡᠭᠡᠭᠰᠢᠯᠡᠭᠦᠯᠵᠦ  ᠪᠤᠢ
ᠨᠡᠶᠢᠲᠡᠯᠡᠭᠰᠡᠨ ᠴᠠᠭ᠄
2024/3/4
                ᠳᠣᠲᠣᠭᠠᠳᠤ ᠶᠢ ᠬᠠᠮᠠᠭᠠᠯᠠᠬᠤ ᠦᠢᠯᠠᠴᠢᠯᠠᠬᠡᠨ ᠤ ᠴᠤᠩᠬᠤᠪᠴᠢ ᠪᠤᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠠᠨ ᠲᠦᠮᠡᠨ ᠳᠤ ᠦᠢᠯᠡᠴᠢᠯᠡᠬᠦ ᠡᠮᠦᠨ᠎ᠡ ᠹᠷᠣᠨᠲ᠂  ᠴᠡᠷᠢᠭ ᠠᠷᠠᠳ ᠤᠨ ᠬᠠᠷᠢᠴᠠᠭ᠎ᠠ ᠶᠢᠨ ︽ᠰᠡᠳᠬᠢᠯ ᠢᠶᠠᠨ ᠬᠤᠯᠪᠣᠭᠰᠠᠨ ᠬᠥᠭᠦᠷᠭᠡ︾ ᠮᠥᠨ  ᠃ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠎ ᠨᠢ  ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠲᠠᠰᠤᠷᠠᠯᠳᠡ ᠦᠭᠡᠢ ᠰᠢᠯᠢᠳᠡᠭᠵᠢᠭᠦᠯᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠥᠷᠭᠡᠨ ᠤᠯᠠᠨ ᠲᠦᠮᠡᠨ ᠳᠤ ᠦᠢᠯᠠᠴᠢᠯᠠᠨ᠂  ᠤᠯᠠᠨ ᠲᠦᠮᠡᠨ ᠤ ᠬᠠᠨᠤᠮᠵᠢ ᠶᠢᠨ  ᠰᠠᠳᠬᠢᠯᠬᠡ ᠶᠢ ᠨᠢ ᠲᠡᠭᠡᠭᠰᠢᠯᠠᠬᠦᠯᠦᠭᠰᠠᠨ ᠪᠠᠶᠢᠨ᠎ᠠ᠃    2023 ᠣᠨ ᠤ 4 ᠰᠠᠷ᠎ᠠ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠷᠦᠬᠡ ᠠᠮᠠ ᠶᠢᠨ ᠲᠠᠩᠰᠠ ᠶᠢ ᠰᠢᠯᠵᠢᠭᠦᠯᠬᠦ᠂ ᠡᠷᠦᠬᠡ ᠠᠮᠠ ᠶᠢᠨ ᠲᠠᠩᠰᠠ ᠶᠢᠨ ᠲᠥᠷᠥᠯ ᠤᠨ ᠭᠡᠷᠡᠴᠢᠯᠡᠯ᠂ ᠪᠡᠶ᠎ᠡ ᠶᠢᠨ ᠦᠨᠡᠮᠯᠡᠯ ᠢ  ᠭᠤᠶᠤᠴᠢᠯᠠᠬᠤ ᠵᠡᠷᠭᠡ ᠳᠣᠲᠣᠭᠠᠳᠤ ᠶᠢ ᠬᠠᠮᠠᠭᠠᠯᠠᠬᠤ ᠡᠷᠦᠬᠡ ᠠᠮᠠ ᠶᠢᠨ ᠶᠠᠪᠤᠳᠠᠯ ᠤᠨ ᠲᠤᠬᠠᠶᠢᠯᠠᠭᠰᠠᠨ ᠠᠵᠢᠯ ᠢ ᠮᠤᠵᠢ ᠠᠯᠤᠰᠯᠠᠨ ᠨᠡᠶᠢᠳᠡᠮ ᠭᠦᠢᠴᠡᠳᠬᠡᠵᠦ᠂ ᠪᠥᠬᠦ ᠣᠷᠣᠨ ᠳᠤ ᠨᠡᠶᠢᠳᠡᠮ ᠭᠦᠢᠴᠡᠳᠬᠡᠬᠦ ᠶᠢ ᠪᠡᠶᠡᠯᠡᠭᠦᠯᠵᠡᠢ᠃     ᠡᠷᠦᠬᠡ ᠠᠮᠠ ᠶᠢᠨ ᠲᠠᠩᠰᠠ ᠶᠢᠨ ᠭᠡᠷᠡᠴᠢᠯᠡᠯ᠂ ᠶᠠᠯ᠎ᠠ ᠬᠢᠭᠰᠡᠨ ᠲᠡᠮᠳᠡᠭᠯᠡᠯ ᠲᠠᠢ ᠡᠰᠡᠬᠦ ᠭᠡᠷᠡᠴᠢᠯᠡᠯ᠂ ᠶᠡᠭᠡ ᠰᠤᠷᠭᠠᠭᠤᠯᠢ  ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠡᠯᠰᠡᠭᠳᠡᠭᠰᠡᠨ ᠰᠣᠷᠣᠭᠴᠢ ᠶᠢᠨ ᠡᠷᠦᠬᠡ ᠠᠮᠠ ᠶᠢᠨ ᠲᠠᠩᠰᠠ ᠰᠢᠯᠵᠢᠭᠦᠯᠬᠦ᠂ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠲᠡᠭᠦᠰᠦᠭᠰᠡᠨ ᠰᠣᠷᠣᠭᠴᠢ ᠶᠢᠨ ᠡᠷᠦᠬᠡ ᠠᠮᠠ ᠶᠢᠨ ᠲᠠᠩᠰᠠ ᠰᠢᠯᠵᠢᠭᠦᠯᠬᠦ ᠵᠡᠷᠭᠡ ᠤᠴᠢᠷ ᠶᠠᠪᠤᠳᠠᠯ ᠢ ᠴᠥᠮ ᠮᠤᠵᠢ ᠠᠯᠤᠰᠯᠠᠨ ᠨᠡᠶᠢᠳᠡᠮ ᠭᠦᠢᠴᠡᠳᠬᠡᠵᠦ ᠲᠠᠶᠢᠯᠬᠦ ᠪᠣᠯᠣᠭᠰᠠᠨ ᠪᠠᠶᠢᠨ᠎ᠠ  ᠃     ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠠᠴᠠ ᠨᠠᠰᠢ᠂ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ‌‍ᠰᠢᠯᠢᠳᠡᠭᠵᠢᠭᠦᠯᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠣᠯᠠᠨ ᠲᠦᠮᠡᠨ ᠤ ᠦᠢᠯᠠᠭᠠᠬᠤ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ︽ᠰᠦᠯᠵᠢᠶᠡᠨ ᠳᠡᠭᠡᠷ᠎ᠡ ᠭᠦᠢᠴᠡᠳᠬᠡᠬᠦ︾᠂ ︽ᠣᠶᠢᠷ᠎ᠠ ᠬᠠᠪᠢ ᠳᠤᠨᠢ ᠭᠦᠢᠴᠡᠳᠬᠡᠬᠦ︾᠂ ︽ᠰᠢᠤᠳᠠᠨ ᠢᠶᠠᠷ ᠶᠠᠪᠤᠭᠤᠯᠬᠤ︾ ᠵᠡᠷᠭᠡ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠶᠡᠬᠡᠪᠡᠷ ᠬᠡᠷᠡᠭᠵᠢᠭᠦᠯᠵᠦ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠦᠨ᠂ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠬᠠᠷᠠᠯᠲᠠ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠃      ᠡᠬᠦᠨ ᠤ ᠬᠠᠮᠳᠣ᠂ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾᠂ ︽ᠪᠥᠬᠦ ᠣᠷᠣᠨ ᠤ ᠨᠡᠶᠢᠳᠡᠮ ᠰᠢᠢᠳᠪᠦᠷᠢᠯᠡᠬᠦ︾  ᠂ ᠥᠪᠡᠰᠦᠪᠡᠨ ᠦᠢᠯᠡᠴᠢᠯᠡᠬᠦ ᠲᠤᠰᠬᠠᠢ ᠣᠷᠣᠨ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠪᠣᠳᠠᠲᠠᠢ ᠪᠠᠷ ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠵᠤ᠂ ᠣᠯᠠᠨ ᠲᠦᠮᠡᠨ ᠳᠤ ᠬᠠᠮᠤᠭ ᠤᠨ ᠳᠥᠭᠦᠮ ᠳᠥᠲᠡ᠂ ᠬᠠᠮᠤᠭ ᠤᠨ ᠰᠢᠯᠢᠳᠡᠭ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ  ᠡᠳ᠋ᠯᠡᠭᠦᠯᠦᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号