| 2 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠶᠣᠣ ᠬᠤᠩ ᠭᠠᠩ ᠠᠵᠤ ᠠᠬᠤᠶᠢᠯᠠᠯ ᠤᠨ ᠠᠵᠢᠯᠯᠠᠭᠠᠨ ᠪᠠ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠬᠦ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠪᠠᠷ᠎ᠠ ᠪᠣᠯᠣᠯᠴᠠᠪᠠ᠃ | | | ᠶᠣᠣ ᠬᠤᠩ ᠭᠠᠩ ᠨᠠᠷ ᠡᠩ ᠲᠡᠷᠢᠭᠦᠨ ᠳᠤ ᠬᠠᠳᠠᠲᠤ ᠨᠡᠭᠦᠷᠡᠰᠦᠨ ᠠᠭᠤᠷᠬᠠᠢ ᠶᠢᠨ ᠬᠠᠶᠠᠭᠳᠠᠮᠠᠯ ᠨᠦᠬᠡ ᠶᠢᠨ | ᠠᠮᠢ ᠠᠬᠤᠢ ᠶᠢᠨ ᠵᠠᠰᠠᠯᠲᠠ ᠶᠢᠨ ᠲᠦᠷᠦᠯ ᠵᠦᠢᠯ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ᠂ | ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠪᠣᠬᠢᠷᠲᠤᠯ ᠦᠭᠡᠢ ᠰᠢᠢᠳᠪᠦᠷᠢᠯᠡᠬᠦ ᠦᠢᠯᠡᠳᠪᠦᠷᠢ᠂ ᠡᠮ | ᠡᠮᠨᠡᠯᠭᠡ ᠶᠢᠨ ᠬᠠᠶᠠᠭᠳᠠᠮᠠᠯ ᠪᠣᠳᠠᠰ ᠢ ᠪᠣᠬᠢᠷᠲᠤᠯ ᠦᠭᠡᠢ ᠰᠢᠢᠳᠪᠦᠷᠢᠯᠡᠬᠦ ᠦᠢᠯᠡᠳᠪᠦᠷᠢ ᠳᠤ ᠭᠦᠨᠵᠡᠭᠡᠶᠢᠷᠡᠨ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢ ᠨᠠᠷᠢᠨ ᠨᠢᠮᠪᠠᠢ ᠪᠠᠶᠢᠴᠠᠭᠠᠨ᠂ ᠠᠵᠤ | ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠥᠷᠥᠯ ᠵᠦᠢᠯ ᠤᠨ ᠠᠬᠢᠴᠠ᠂ ᠣᠷᠣᠰᠢᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠵᠢᠴᠢ ᠳᠠᠷᠠᠭ᠎ᠠ ᠠᠯᠬᠤᠮ ᠤᠨ ᠠᠵᠢᠯ ᠤᠨ ᠲᠣᠬᠢᠷᠠᠭᠤᠯᠤᠯᠲᠠ ᠵᠡᠷᠭᠡ ᠶᠢᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠪᠠ᠃ | ᠶᠣᠣ ᠬᠤᠩ ᠭᠠᠩ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠶᠢᠯᠠᠯ ᠤᠨ | ᠬᠥᠭᠵᠢᠯᠲᠡ ᠶᠢᠨ ᠠᠮᠢᠨ ᠰᠤᠳᠠᠰᠤ ᠮᠥᠨ᠂ ᠠᠵᠤ ᠠᠬᠤᠶᠢᠯᠠᠯ ᠨᠢ ᠠᠶᠤᠯᠭᠦᠢ ᠦᠢᠯᠡᠳᠪᠦᠷᠢᠯᠡᠯ ᠢ ᠲᠡᠷᠢᠭᠦᠨ | ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠡᠯ᠎ᠡ ᠵᠦᠢᠯ ᠤᠨ ᠳᠦᠷᠢᠮ ᠲᠣᠭᠲᠠᠭᠠᠯ ᠪᠣᠯᠣᠨ ᠠᠵᠢᠯᠯᠠᠬᠤ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠪᠠᠶᠢᠩᠭᠤ | ᠴᠢᠩᠭ᠎ᠠ ᠠᠳᠬᠤᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠶᠠᠰᠤ ᠴᠢᠨᠠᠷ ᠪᠠ | ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠪᠠᠶᠢᠷᠢᠯᠠᠭᠤᠯᠵᠤ᠂ | ᠲᠥᠯᠥᠪᠯᠡᠭᠡ ᠲᠠᠢ ᠪᠠᠷ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ᠂ ᠬᠦᠴᠦᠨ ᠢᠶᠠᠨ | ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠡᠷᠲᠡ ᠪᠦᠲᠦᠭᠡᠨ ᠪᠠᠶᠢᠭᠤᠯᠬᠤ᠂ ᠡᠷᠲᠡ | ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠡᠢ᠃ | | | ᠳᠠᠷᠠᠭ᠎ᠠ ᠨᠢ᠂ ᠶᠣᠣ ᠬᠤᠩ ᠭᠠᠩ ᠪᠠᠷᠠᠭᠤᠨ ᠦᠵᠦᠮᠦᠴᠢᠨ ᠬᠤᠰᠢᠭᠤᠨ ᠤ ᠠᠩᠬ᠎ᠠ ᠵᠡᠷᠭᠡ ᠶᠢᠨ ᠬᠤᠶᠠᠳᠤᠭᠠᠷ | ᠳᠤᠮᠳᠠᠳᠤ ᠰᠤᠷᠭᠠᠭᠤᠯᠢ᠂ ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ᠂ | ᠪᠠᠭᠰᠢ ᠶᠢᠨ ᠡᠩᠨᠡᠭᠡ ᠶᠢᠨ ᠪᠠᠶᠢᠭᠤᠯᠤᠯᠲᠠ᠂ ᠪᠠᠭᠰᠢ ᠶᠢᠨ ᠬᠦᠴᠦᠨ ᠤ ᠲᠣᠬᠢᠷᠠᠭᠤᠯᠤᠯᠲᠠ᠂ ᠵᠢᠭᠠᠨ ᠰᠤᠷᠭᠠᠯᠲᠠ ᠶᠢᠨ | ᠶᠠᠰᠤ ᠴᠢᠨᠠᠷ ᠤᠨ ᠳᠡᠭᠡᠭᠰᠢᠯᠡᠯᠲᠡ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠵᠡᠷᠭᠡ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠲᠠᠯ᠎ᠠ ᠪᠠᠷ ᠨᠠᠷᠢᠨ ᠣᠶᠢᠯᠠᠭᠠᠪᠠ᠃ | ᠶᠣᠣ ᠬᠤᠩ ᠭᠠᠩ ᠴᠢᠬᠤᠯᠠᠴᠢᠯᠠᠭᠰᠠᠨ ᠨᠢ᠂ ᠰᠤᠷᠭᠠᠭᠤᠯᠢ ᠡᠷᠬᠢᠯᠡᠬᠦ ᠵᠥᠪ ᠴᠢᠭᠯᠡᠯ ᠢ ᠪᠠᠷᠢᠮᠲᠠᠯᠠᠵᠤ᠂ ᠠᠷᠠᠳ | ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠢ᠃ | ᠰᠤᠷᠭᠠᠭᠤᠯᠢ ᠨᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠰᠠᠭᠤᠷᠢ ᠠᠵᠢᠯ ᠪᠣᠯᠭᠠᠨ | ᠠᠳᠬᠤᠵᠤ᠂ ᠡᠷᠬᠢᠮ ᠳᠡᠭᠡᠳᠦ ᠮᠣᠷᠠᠯ ᠲᠠᠢ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠪᠦᠲᠦᠴᠡ ᠨᠢ | ᠵᠣᠬᠢᠰᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠲᠤᠰᠬᠠᠶᠢᠵᠢᠭᠰᠠᠨ ᠥᠨᠳᠥᠷ ᠬᠡᠪ ᠪᠣᠯᠪᠠᠰᠤᠷᠠᠯ ᠲᠠᠢ | ᠪᠠᠭᠰᠢ ᠶᠢᠨ ᠡᠩᠨᠡᠭᠡ ᠶᠢ ᠴᠢᠷᠮᠠᠶᠢᠨ ᠳᠠᠪᠲᠠᠨ ᠪᠣᠯᠪᠠᠰᠤᠷᠠᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠬᠡᠷᠡᠭᠲᠡᠢ᠃ ᠬᠢᠴᠢᠶᠡᠯ | ᠤᠨ ᠪᠠᠶᠢᠷᠢᠯᠠᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠣᠨᠤᠭ ᠲᠥᠬᠦᠭᠡᠷᠦᠮᠵᠢ ᠶᠢ | ᠳᠡᠭᠡᠭᠰᠢᠯᠡᠭᠦᠯᠦᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠭᠰᠠᠨ ᠠᠴᠠ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ | ᠲᠡᠶᠢᠰᠢ ᠬᠥᠭᠵᠢᠭᠦᠯᠬᠦ ᠶᠢ ᠲᠦᠯᠬᠢᠨ ᠠᠬᠢᠭᠤᠯᠵᠤ᠂ ᠠᠷᠠᠳ ᠣᠯᠠᠨ ᠤ ᠴᠢᠨᠠᠷ ᠰᠠᠶᠢᠲᠠᠢ ᠰᠤᠷᠭᠠᠨ ᠬᠥᠮᠦᠵᠢᠯ ᠤᠨ | ᠲᠤᠬᠠᠢ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠬᠤ ᠬᠡᠷᠡᠭᠲᠡᠢ ᠭᠡᠵᠡᠢ᠃ | | |