ᠰᠢᠨ᠎ᠡ ᠰᠣᠷᠣᠯᠭ᠎ᠠ ᠶᠢᠨ ᠬᠤᠭᠤᠴᠠᠭ᠎ᠠ ᠡᠬᠢᠯᠠᠯ᠎ᠠ ︕
ᠨᠡᠶᠢᠲᠡᠯᠡᠭᠰᠡᠨ ᠴᠠᠭ᠄
2024/3/4
                                        ᠣᠷᠢᠬᠠᠨ ᠬᠠᠪᠣᠷ ᠠᠶᠢᠯᠴᠢᠯᠠᠨ ᠢᠷᠡᠵᠤ᠂ ᠲᠦᠮᠡᠨ ᠪᠣᠳᠠᠰ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃  2 ᠰᠠᠷ᠎ᠠ ᠶᠢᠨ 26 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ  ᠬᠢᠴᠢᠶᠠᠯ ᠡᠬᠢᠯᠡᠵᠤ᠂ ᠰᠤᠷᠭᠠᠭᠤᠯᠢ ᠶᠢᠨ ᠬᠦᠷᠢᠶᠡᠨ ᠳᠤ ᠳᠠᠬᠢᠨᠲᠠ ᠬᠦᠷ ᠬᠥᠭᠵᠢᠶᠡᠨ ᠲᠠᠢ ᠪᠣᠯᠣᠯ᠎ᠠ︕  ᠥᠨᠥᠳᠥᠷ ᠪᠣᠯ ᠪᠠᠷᠠᠭᠤᠨ ᠦᠵᠦᠮᠦᠴᠢᠨ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠬᠠᠪᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠠᠩᠬᠠᠨ ᠤ ᠡᠳᠦᠷ ᠪᠣᠯᠣᠨ᠎ᠠ᠂ ᠪᠠᠭᠰᠢ ᠰᠤᠷᠤᠭᠴᠢᠳ ᠭᠤᠶᠤ ᠰᠠᠶᠢᠬᠠᠨ  ᠬᠤᠪᠴᠠᠰᠤ ᠵᠠᠰᠠᠯ ᠢᠶᠠᠨ ᠡᠮᠦᠰᠴᠦ᠂  ᠬᠠᠷᠢᠯᠴᠠᠨ  ᠮᠠᠨᠳᠣᠴᠢᠯᠡᠭᠰᠠᠨ ᠤ ᠬᠠᠮᠳᠣ᠂  ᠪᠠᠭᠰᠢ   ᠨᠠᠷ ᠬᠠᠮᠳᠣ ᠪᠠᠷ ᠰᠣᠷᠭᠠᠭᠤᠯᠢ ᠶᠢᠨ ᠭᠦᠷᠢᠶ᠎ᠠ᠂ ᠠᠩᠬᠢ ᠶᠢᠨ ᠬᠡᠷ ᠢᠶᠠᠨ  ᠴᠡᠪᠠᠷᠯᠠᠵᠦ᠂ ᠰᠢᠨ᠎ᠡ ᠳᠦᠷᠰᠦ ᠪᠠᠶᠢᠳᠠᠯ ᠢᠶᠠᠷ ᠬᠡᠦᠬᠡᠳ ᠤᠳ ᠤᠨ ᠪᠤᠴᠠᠵᠤ ᠢᠷᠡᠬᠦ ᠶᠢ  ᠣᠭᠲᠣᠵᠣ᠂ ᠠᠩᠭᠢ ᠶᠢᠨ ᠭᠡᠷ ᠬᠥᠷ ᠬᠥᠭᠵᠢᠶᠡᠨ ᠢᠶᠠᠷ ᠪᠢᠯᠬᠠᠯ᠎ᠠ᠃    ᠦᠳᠡ ᠶᠢᠨ ᠡᠮᠦᠨᠡᠬᠢ 10 ᠴᠠᠭ ᠲᠤ᠂ ᠪᠠᠷᠠᠭᠤᠨ ᠦᠵᠦᠮᠦᠴᠢᠨ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠬᠥᠭᠵᠢᠮ︾ ᠤᠨ ᠰᠦᠷ ᠵᠢᠪᠬᠤᠯᠠᠩᠲᠤ ᠠᠶᠠᠰ  ᠤᠨ ᠲᠤᠮᠳᠠ ᠪᠠᠭᠰᠢ ᠰᠤᠷᠤᠭᠴᠢᠳ  ᠬᠠᠮᠳᠣᠪᠠᠷ ᠰᠢᠨ᠎ᠠ ᠰᠣᠷᠣᠯᠭ᠎ᠠ ᠶᠢᠨ ᠬᠤᠭᠤᠴᠠᠭ᠎ᠠ ᠪᠠᠨ ᠤᠭᠳᠣᠯ᠎ᠠ᠃     ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠤᠯᠠᠮ  ᠴᠢᠩᠭᠠᠳᠬᠠᠵᠣ᠂ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠪᠣᠯᠣᠨ ᠪᠣᠯᠪᠠᠰᠤᠨ ᠵᠠᠮ ᠬᠠᠷᠢᠯᠴᠠᠭᠠᠨ ᠤ ᠤᠬᠠᠮᠰᠠᠷ   ᠢ ᠬᠦᠨᠵᠡᠭᠡᠶᠢᠷᠡᠬᠦᠯᠬᠦ ᠡᠭᠦᠳᠡᠨ ᠠᠴᠠ᠂  ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠶᠢᠨ ᠡᠯ᠎ᠡ ᠠᠩᠭᠢ ᠨᠢ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠭᠡᠬᠦ ᠭᠤᠣᠯ ᠰᠡᠳᠦᠪᠲᠦ ᠠᠩᠭᠢ ᠶᠢᠨ ᠬᠤᠷᠠᠯ ᠬᠢᠵᠦ᠂ ᠰᠤᠷᠤᠭᠴᠢᠳ ᠭᠡᠷᠡᠯ ᠵᠢᠷᠤᠭ᠂ ᠤᠬᠠᠭᠤᠯᠭ᠎ᠠ ᠬᠥᠮᠦᠵᠢᠯ ᠤᠨ ᠳᠦᠷᠰᠦ ᠰᠢᠩᠭᠡᠭᠡᠯᠲᠡ ᠶᠢ ᠰᠣᠨᠢᠷᠬᠠᠬᠤ ᠪᠠᠷ ᠳᠡᠮᠵᠢᠨ᠂ ᠠᠮᠢᠳᠤᠷᠠᠯ ᠤᠨ ᠳᠤᠮᠳᠠᠬᠢ ᠦᠵᠡᠵᠦ ᠰᠣᠨᠣᠰᠤᠭᠰᠠᠨ ᠵᠦᠢᠯ ᠲᠠᠢ ᠪᠠᠨ ᠤᠶᠠᠯᠳᠤᠭᠤᠯᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠴᠢᠬᠤᠯᠠ ᠴᠢᠨᠠᠷ ᠢ ᠣᠶᠢᠯᠠᠭᠠᠵᠤ᠂  ᠪᠠᠭᠰᠢ   ᠠᠴᠠ  ᠵᠠᠮ ᠬᠠᠷᠢᠯᠴᠠᠭᠠᠨ ᠤ ᠳᠤᠬᠢᠶᠠᠨ ᠳ᠋ᠧᠩ ᠢ ᠵᠢᠷᠤᠮᠯᠠᠬᠤ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ᠬᠠᠤᠯᠢ ᠪᠤᠰᠤ ᠲᠡᠷᠭᠡᠨ ᠳᠤ ᠰᠠᠭᠤᠬᠤ ᠵᠢᠨ‌ᠬᠤᠣᠷ ᠬᠥᠨᠥᠭᠡᠯ ᠢ ᠰᠡᠷᠡᠮᠵᠢᠯᠡᠭᠦᠯᠵᠦ᠂  ᠰᠣᠷᠤᠭᠴᠢᠳ ‍ᠤᠨ‌ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ  ᠨᠢ ᠳᠡᠭᠡᠭᠰᠢᠯᠡᠭᠦᠯᠬᠦ ᠶᠢ ᠬᠥᠲᠥᠯᠥᠨ ᠵᠢᠯᠣᠭᠤᠳᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号