ᠪᠠᠷᠠᠭᠤᠨ ᠦᠵᠦᠮᠦᠴᠢᠨ ᠬᠤᠰᠢᠭᠤᠨ ᠤ 2024 ᠤᠨ ᠤ ᠠᠮᠢᠳᠠᠨ ᠤ ᠬᠢᠵᠢᠭ ᠰᠡᠷᠭᠡᠶᠢᠯᠡᠬᠦ ᠤᠬᠠᠭᠤᠯᠭ᠎ᠠ  ᠶᠢᠨ ᠬᠠᠭᠤᠳᠠᠰᠤ
ᠨᠡᠶᠢᠲᠡᠯᠡᠭᠰᠡᠨ ᠴᠠᠭ᠄
2024/3/4
     ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠮᠢᠳᠠᠨ ᠤ ᠬᠢᠵᠢᠭ ᠰᠡᠷᠭᠡᠶᠢᠯᠡᠬᠦ ᠬᠠᠤᠯᠢ︾ ᠳᠤ ᠲᠤᠭᠳᠠᠭᠠᠭᠰᠠᠨ ᠨᠢ ᠠᠮᠢᠳᠠᠨ ᠢ ᠲᠡᠵᠢᠭᠡᠵᠤ ᠪᠠᠶᠢᠭ᠎ᠠ ᠨᠢᠭᠡᠴᠡ ᠪᠠ ᠬᠤᠪᠢ ᠬᠦᠮᠦᠨ ᠪᠤᠯ ᠬᠢᠵᠢᠭ ᠰᠡᠷᠭᠡᠶᠢᠯᠡᠬᠦ ᠠᠵᠢᠯ  ᠤᠨ ᠭᠤᠤᠯ ᠴᠤᠭᠴᠠ ᠮᠥᠨ᠃ ᠬᠢᠵᠢᠭ ᠰᠡᠷᠭᠡᠶᠢᠯᠡᠬᠦ ᠠᠵᠢᠯ ᠤᠨ ᠭᠤᠤᠯ ᠬᠠᠷᠢᠭᠤᠴᠠᠯᠭ᠎ᠠ ᠶᠢ ᠡᠬᠦᠷᠭᠡᠯᠡᠵᠤ᠂ ᠡᠬᠦᠷᠭᠡ ᠪᠠᠨ ᠦᠨᠡᠨᠬᠦ ᠬᠦᠢᠴᠡᠳᠬᠡᠬᠦ ᠬᠡᠷᠡᠭᠳᠡᠢ᠃ ᠠᠮᠢᠳᠠᠨ ᠤ ᠬᠢᠵᠢᠭ ᠰᠡᠷᠭᠡᠶᠢᠯᠡᠬᠦ ᠲᠠᠷᠢᠯᠭ᠎ᠠ ᠶᠢ ᠬᠤᠯᠪᠤᠭᠳᠠᠯ ᠪᠦᠬᠦᠢ ᠨᠢᠭᠡᠴᠡ ᠪᠤᠯᠤᠨ ᠬᠤᠪᠢ ᠬᠦᠮᠦᠨ ᠠᠴᠠ ᠲᠠᠷᠢᠬᠤ ᠪᠤᠶᠤ ᠭᠤᠷᠪᠠᠳᠠᠬᠢ ᠡᠳᠡᠭᠡᠳ ᠤᠨ ᠦᠢᠯᠡᠴᠢᠯᠡᠭᠡᠨ ᠤ ᠭᠤᠤᠯ ᠴᠤᠭᠴᠠ ᠠᠴᠠ ᠬᠢᠵᠢᠭ ᠰᠡᠷᠭᠡᠶᠢᠯᠡᠬᠦ ᠲᠠᠷᠢᠯᠭ᠎ᠠ ᠶᠢᠨ ᠦᠢᠯᠡᠴᠢᠯᠡᠭᠡ ᠶᠢ ᠬᠤᠳᠠᠯᠳᠤᠨ ᠠᠪᠴᠦ ᠲᠠᠷᠢᠯᠭ᠎ᠠ ᠬᠢᠬᠦ ᠬᠡᠷᠡᠭᠳᠡᠢ᠃ ᠠᠮᠢᠳᠠᠨ ᠳᠤ ᠬᠢᠵᠢᠭ ᠰᠡᠷᠭᠡᠶᠢᠯᠡᠬᠦ ᠲᠠᠷᠢᠯᠭ᠎ᠠ ᠬᠢᠬᠦ ᠳᠤ ᠪᠠᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠢᠵᠢᠭ ᠰᠡᠷᠭᠡᠶᠢᠯᠡᠯᠳᠡ ᠶᠢᠨ ᠲᠠᠩᠰᠠ ᠡᠪᠬᠡᠮᠡᠯ ᠪᠠᠶᠢᠭᠤᠯᠵᠤ᠂ ᠲᠠᠷᠢᠯᠭ᠎ᠠ ᠬᠢᠭᠰᠡᠨ ᠮᠠᠯ ᠵᠢᠬᠦᠷᠳᠡᠨ ᠳᠤ ᠢᠮ ᠲᠡᠮᠳᠡᠭ ᠲᠠᠯᠪᠢᠵᠤ᠂ ᠮᠦᠷᠳᠡᠨ ᠨᠡᠭᠡᠮᠵᠢᠯᠡᠵᠤ ᠪᠠᠶᠢᠴᠠᠭᠠᠵᠤ ᠴᠢᠳᠠᠬᠤ ᠶᠢ ᠦᠨᠡᠨᠬᠦ ᠪᠠᠳᠤᠯᠠᠬᠤ ᠬᠡᠷᠡᠭᠳᠡᠢ᠃     ᠨᠢᠭᠡ᠂ 2024 ᠤᠨ ᠳᠤ ᠮᠠᠨ ᠤ ᠬᠤᠰᠢᠭᠤᠨ ᠤ ᠠᠮᠢᠳᠠᠨ ᠤ ᠬᠢᠵᠢᠭ ᠰᠡᠷᠭᠡᠶᠢᠯᠡᠬᠦ ᠲᠠᠷᠢᠯᠭ᠎ᠠ ᠶᠢᠨ ᠲᠦᠷᠦᠯ ᠵᠦᠢᠯ     ︵ᠨᠢᠭᠡ︶ ᠠᠯᠪᠠᠳᠠᠯᠭ᠎ᠠ ᠶᠢᠨ ᠴᠢᠨᠠᠷᠳᠠᠢ ᠲᠠᠷᠢᠯᠭ᠎ᠠ ︵4 ᠲᠦᠷᠦᠯ︶ᠤᠯᠤᠰ ᠠᠴᠠ ᠲᠡᠵᠢᠭᠡᠨ ᠦᠷᠡᠵᠢᠬᠦᠯᠬᠦ ᠦᠢᠯᠡᠰ ᠤᠨ ᠦᠢᠯᠡᠳᠪᠦᠷᠢᠯᠡᠯ ᠪᠤᠯᠤᠨ ᠬᠦᠮᠦᠨ ᠤ ᠪᠡᠶ᠎ᠡ ᠶᠢᠨ ᠡᠷᠡᠬᠦᠯ ᠮᠡᠨᠳᠦ  ᠳᠤ ᠬᠦᠨᠳᠦ ᠨᠤᠴᠢᠳᠠᠢ ᠬᠤᠬᠢᠷᠠᠯ ᠤᠴᠠᠷᠠᠭᠤᠯᠬᠤ ᠠᠮᠢᠳᠠᠨ ᠤ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠲᠠᠷᠢᠯᠭ᠎ᠠ ᠲᠠᠷᠢᠬᠤ ᠶᠢ ᠬᠡᠯᠡᠨ᠎ᠡ᠃    ︵ᠰᠢᠯᠦᠭᠡᠢ᠂ ᠵᠢᠬᠦᠷᠳᠡᠨ ᠤ ᠬᠠᠯᠳᠠᠪᠤᠷᠢᠳᠦ ᠬᠢᠮᠤᠷᠠᠭ᠎ᠠ᠂ ᠬᠡᠪᠢᠭᠴᠢ ᠮᠠᠯ ᠤᠨ ᠬᠢᠵᠢᠭ᠂ ᠪᠷᠤᠨᠼᠠᠯ ᠡᠪᠡᠳᠴᠢᠨ︶    ︵ᠬᠤᠶᠠᠷ︶ ᠲᠦᠯᠦᠪᠯᠡᠯᠭᠡᠳᠦ ᠴᠢᠨᠠᠷᠳᠠᠢ ᠲᠠᠷᠢᠯᠭ᠎ᠠ ︵13 ᠲᠦᠷᠦᠯ︶    ᠲᠡᠵᠢᠭᠡᠨ ᠦᠷᠡᠵᠢᠬᠦᠯᠬᠦ ᠦᠢᠯᠡᠰ ᠤᠨ ᠦᠢᠯᠡᠳᠪᠦᠷᠢᠯᠡᠯ ᠪᠠ ᠬᠦᠮᠦᠨ ᠤ ᠪᠡᠶ᠎ᠡ ᠶᠢᠨ ᠡᠷᠡᠬᠦᠯ ᠴᠢᠬᠢᠷᠠᠭ ᠳᠤ ᠬᠦᠨᠳᠦ ᠨᠤᠴᠢᠳᠠᠢ ᠬᠤᠬᠢᠷᠠᠯ ᠤᠴᠠᠷᠠᠭᠤᠯᠵᠤ᠂ ᠭᠠᠵᠠᠷ ᠤᠷᠤᠨ ᠤ ᠪᠠᠶᠢᠳᠠᠯ ᠲᠠᠢ ᠤᠶᠠᠯᠳᠤᠭᠤᠯᠵᠤ᠂ ᠲᠦᠯᠦᠪᠯᠡᠯᠭᠡᠳᠦ ᠴᠢᠨᠠᠷ ᠤᠨ ᠲᠠᠷᠢᠯᠭ᠎ᠠ ᠲᠠᠷᠢᠬᠤ ᠶᠢ ᠬᠡᠯᠡᠨ᠎ᠡ᠃ᠭᠠᠭ᠋ᠠᠢ ᠶᠢᠨ ᠮᠢᠵᠢᠩ᠂ ᠲᠠᠬᠢᠶᠠᠨ ᠤ ᠰᠢᠨ᠎ᠡ ᠬᠤᠳᠠ ᠶᠢᠨ ᠬᠢᠵᠢᠭ᠂ ᠭᠠᠯᠵᠠᠭᠤ ᠡᠪᠡᠳᠴᠢᠨ᠂ ᠴᠡᠴᠡᠭ ᠡᠪᠡᠳᠴᠢᠨ᠂ ᠪᠤᠭᠤᠮ᠎ᠠ᠂ ᠬᠤᠨᠢᠨ ᠤ ᠲᠦᠷᠭᠡᠨ ᠬᠢᠵᠢᠭ᠂ ᠬᠤᠨᠢᠨ ᠤ ᠬᠡᠳᠡᠰᠦᠨ ᠤ ᠴᠢᠰᠤᠨ ᠬᠤᠤᠷᠳᠠᠯᠭ᠎ᠠ᠂ ᠬᠤᠨᠢᠨ ᠤ ᠴᠤᠴᠢᠮᠠᠭ ᠦᠬᠦᠯ᠂ ᠲᠠᠭᠤᠳᠤ ᠬᠠᠪᠤᠳᠠᠷ᠂ ᠮᠢᠬᠠᠨ ᠬᠤᠤᠷᠳᠠᠯᠭ᠎ᠠ᠂ ᠴᠢᠰᠦ ᠦᠵᠡᠷᠡᠬᠦ ᠬᠢᠵᠢᠭ᠂ ᠦᠬᠡᠷ ᠤᠨ ᠠᠷᠠᠰᠤᠨ ᠬᠦᠪᠳᠦᠷᠤᠤ᠂ ᠴᠢᠩᠭ᠎ᠠ ᠡᠪᠡᠳᠴᠢᠯᠡᠬᠦᠯᠬᠦ ᠴᠢᠨᠠᠷᠳᠡᠢ ᠭᠠᠭ᠋ᠠᠢ ᠶᠢᠨ ᠴᠢᠬᠢ ᠬᠦᠭᠡᠷᠡᠬᠦ ᠡᠪᠡᠳᠴᠢᠨ᠃    ᠬᠤᠶᠠᠷ᠂ ᠬᠢᠵᠢᠭ ᠰᠡᠷᠭᠡᠶᠢᠯᠡᠬᠦ ᠲᠠᠷᠢᠯᠭ᠎ᠠ ᠶᠢᠨ ᠱᠠᠭᠠᠷᠳᠠᠯᠭ᠎ᠠ    ᠬᠡᠪᠴᠢᠶᠡᠵᠢᠭᠰᠡᠨ ᠲᠡᠵᠢᠭᠡᠪᠦᠷᠢ ᠶᠢᠨ ᠲᠠᠯᠠᠪᠠᠢ ᠳᠤ ᠠᠯᠪᠠᠳᠠᠯᠭ᠎ᠠ ᠶᠢᠨ ᠴᠢᠨᠠᠷᠳᠠᠢ ᠲᠠᠷᠢᠯᠭ᠎ᠠ ᠶᠢ ᠲᠠᠷᠢᠯᠭ᠎ᠠ ᠶᠢᠨ ᠲᠠᠰ ᠲᠠᠷᠠᠭᠠᠯᠠᠯ ᠢᠶᠠᠷ ᠲᠠᠷᠢᠨ᠎ᠠ᠃ ᠲᠠᠷᠬᠠᠢ ᠪᠤᠳᠠᠷᠬᠠᠢ ᠲᠡᠵᠢᠬᠡᠵᠤ ᠪᠠᠶᠢᠭ᠎ᠠ ᠮᠠᠯ ᠵᠢᠬᠦᠷᠳᠡᠨ ᠳᠤ ᠰᠢᠯᠦᠭᠡᠢ᠂ ᠵᠢᠬᠦᠷᠳᠡᠨ ᠤ ᠬᠠᠯᠳᠠᠪᠤᠷᠢᠳᠦ ᠬᠢᠮᠦᠷᠠᠭ᠎ᠠ ᠶᠢᠨ ᠰᠡᠷᠭᠡᠶᠢᠯᠡᠬᠦ ᠲᠠᠷᠢᠯᠭ᠎ᠠ ᠶᠢ ᠬᠠᠪᠤᠷ᠂ ᠨᠠᠮᠤᠷ ᠤᠨ ᠤᠯᠠᠷᠢᠯ ᠳᠤ ᠲᠤᠰᠪᠤᠷᠢ ᠨᠢᠭᠡ ᠤᠳᠠᠭ᠎ᠠ ᠲᠦᠪᠯᠡᠷᠡᠬᠦᠯᠦᠨ ᠲᠠᠷᠢᠯᠭ᠎ᠠ ᠬᠢᠨ᠎ᠡ᠃    ᠪᠷᠤᠨᠼᠠᠯ ᠡᠪᠡᠳᠴᠢᠨ ᠤ ᠰᠡᠷᠭᠡᠶᠢᠯᠡᠬᠦ ᠲᠠᠷᠢᠯᠭ᠎ᠠ ᠶᠢ ᠨᠠᠮᠤᠷ ᠤᠨ ᠤᠯᠠᠷᠢᠯ ᠳᠤ ᠨᠢᠭᠡ ᠤᠳᠠᠭ᠎ᠠ ᠲᠦᠪᠯᠡᠷᠡᠬᠦᠯᠦᠨ ᠲᠠᠷᠢᠨ᠎ᠡ᠃ᠬᠡᠪᠢᠭᠴᠢ ᠮᠠᠯ ᠤᠨ ᠬᠢᠵᠢᠭ ᠤᠨ ᠲᠠᠷᠢᠯᠭ᠎ᠠ ᠶᠢ ᠬᠠᠪᠤᠷ ᠤᠨ ᠤᠯᠠᠷᠢᠯ ᠳᠤ ᠨᠢᠭᠡ ᠤᠳᠠᠭ᠎ᠠ ᠲᠦᠪᠯᠡᠷᠡᠬᠦᠯᠦᠡ ᠲᠠᠷᠢᠨ᠎ᠡ᠃    ᠲᠠᠷᠢᠯᠭ᠎ᠠ ᠲᠠᠷᠢᠭᠠᠳ ᠬᠢᠷᠢ ᠲᠡᠩᠴᠡᠭᠰᠡᠨ ᠦᠭᠡᠢ ᠪᠤᠶᠤ ᠰᠢᠨ᠎ᠡ ᠲᠤᠰᠤᠭᠰᠠᠨ ᠲᠦᠯ ᠮᠠᠯ ᠵᠢᠬᠦᠷᠳᠡᠨ ᠳᠤ ᠨᠦᠬᠦᠵᠤ ᠲᠠᠷᠢᠯᠭ᠎ᠠ ᠲᠠᠷᠢᠨ᠎ᠡ᠃ ᠢᠯᠠᠩᠭᠤᠶ᠎ᠠ ᠬᠠᠪᠤᠷ ᠤᠨ ᠤᠯᠠᠷᠢᠯ ᠳᠤ ᠲᠦᠯ ᠲᠤᠰᠴᠦ ᠪᠤᠶᠢᠵᠢᠭᠤᠯᠬᠤ ᠬᠤᠭᠤᠴᠠᠭᠠᠨ ᠳᠤ ᠭᠡᠭᠡᠯ ᠲᠠᠢ ᠲᠠᠷᠭᠤ ᠬᠦᠴᠦ ᠪᠠᠭᠤᠷᠠᠢ ᠮᠠᠯ ᠳᠤ ᠲᠦᠷ ᠴᠠᠭ ᠬᠢᠯᠭᠡᠬᠦ ᠲᠡᠶᠢᠯᠬᠦ ᠦᠭᠡᠢ ᠪᠤᠯ ᠠᠷᠠᠴᠢᠯᠠᠨ ᠲᠡᠵᠢᠭᠡᠵᠤ ᠪᠠᠶᠢᠭ᠎ᠠ ᠡᠷᠦᠭᠡ ᠨᠢ ᠪᠠᠶᠢᠳᠠᠯ ᠢ ᠨᠢ ᠦᠵᠡᠵᠤ ᠲᠠᠷᠢᠯᠭ᠎ᠠ ᠬᠢᠯᠭᠡᠨ᠎ᠡ᠃    ᠤᠯᠤᠰ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠱᠠᠳᠤᠨ ᠤ ᠠᠮᠢᠳᠠᠨ ᠤ ᠬᠢᠵᠢᠭ ᠢ ᠰᠡᠷᠭᠡᠶᠢᠯᠡᠨ ᠬᠤᠷᠢᠭᠯᠠᠬᠤ ᠱᠠᠭᠠᠷᠳᠠᠯᠭ᠎ᠠ ᠵᠢᠴᠢ ᠡᠯ᠎ᠡ ᠰᠤᠮᠤ ᠪᠠᠯᠭᠠᠰᠤᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠤᠰᠤᠭᠠᠷ ᠲᠦᠯᠦᠪᠯᠡᠯᠭᠡᠳᠦ ᠴᠢᠨᠠᠷᠳᠠᠢ ᠲᠠᠷᠢᠯᠭ᠎ᠠ ᠶᠢ ᠦᠷᠨᠢᠬᠦᠯᠵᠤ᠂ ᠲᠠᠷᠢᠯᠭ᠎ᠠ ᠬᠢᠭᠰᠡᠨ ᠦᠭᠡᠢ ᠪᠠ ᠲᠦᠯ ᠮᠠᠯ ᠵᠢᠴᠢ ᠭᠠᠳᠠᠨ᠎ᠠ ᠠᠴᠠ ᠤᠷᠤᠭᠤᠯᠤᠭᠰᠠᠨ ᠮᠠᠯ ᠵᠢᠬᠦᠷᠳᠡᠨ ᠢ ᠴᠠᠭ ᠲᠤᠬᠠᠢ ᠳᠤᠨᠢ ᠨᠦᠬᠦᠵᠤ ᠲᠠᠷᠢᠯᠭ᠎ᠠ ᠲᠠᠷᠢᠨ᠎ᠠ᠃ᠦᠬᠡᠷ ᠤᠨ ᠠᠷᠠᠰᠤᠨ ᠤ ᠡᠪᠡᠳᠴᠢᠨ ᠢ ᠬᠠᠪᠤᠷ ᠤᠨ ᠤᠯᠠᠷᠢᠯ ᠳᠤ ᠲᠦᠪᠯᠡᠷᠡᠬᠦᠯᠦᠨ ᠲᠠᠷᠢᠨ᠎ᠡ᠃ ᠬᠢᠵᠢᠭ ᠢ ᠰᠡᠷᠭᠡᠶᠢᠯᠡᠬᠦ ᠲᠠᠷᠢᠯᠭ᠎ᠠ ᠶᠢᠨ ᠱᠠᠭᠠᠷᠳᠠᠯᠭ᠎ᠠ ᠪᠠᠷ ᠠᠯᠪᠠᠳᠠᠯᠭ᠎ᠠ ᠪᠠᠷ ᠲᠠᠷᠢᠯᠭ᠎ᠠ ᠬᠢᠨ᠎ᠡ᠃    ᠭᠤᠷᠪᠠ᠂ ᠰᠡᠷᠭᠡᠶᠢᠯᠡᠬᠦ ᠲᠠᠷᠢᠯᠭ᠎ᠠ ᠶᠢ ᠬᠢᠬᠦ ᠴᠠᠭ    ᠬᠠᠪᠤᠷ ᠤᠨ ᠤᠯᠠᠷᠢᠯ ᠤᠨ ᠲᠦᠪᠯᠡᠷᠡᠬᠦᠯᠦᠨ ᠬᠢᠬᠦ ᠲᠠᠷᠢᠯᠭ᠎ᠠ ᠶᠢ 5 ᠰᠠᠷ᠎ᠠ ᠶᠢᠨ 20 ᠤ ᠡᠳᠦᠷ ᠠᠴᠠ ᠡᠮᠦᠨ᠎ᠡ ᠪᠡᠶᠡᠯᠡᠬᠦᠯᠦᠨ᠎ᠡ᠃ ᠨᠠᠮᠤᠷ ᠤᠨ ᠤᠯᠠᠷᠢᠯ ᠤᠨ ᠲᠦᠪᠯᠡᠷᠡᠬᠦᠯᠦᠨ ᠲᠠᠷᠢᠬᠤ  ᠲᠠᠷᠢᠯᠭ᠎ᠠ ᠶᠢ 11 ᠰᠠᠷ᠎ᠠ 20 ᠤ ᠡᠳᠦᠷ  ᠠᠴᠠ ᠡᠮᠦᠨ᠎ᠡ ᠪᠡᠶᠡᠯᠡᠬᠦᠯᠦᠨ᠎ᠡ᠃    ᠲᠦᠷᠪᠡ᠂ ᠬᠠᠤᠯᠢ ᠶᠢᠨ ᠬᠠᠷᠢᠭᠤᠴᠠᠯᠭ᠎ᠠ    ᠠᠯᠪᠠᠳᠠᠯᠭ᠎ᠠ ᠶᠢᠨ ᠴᠢᠨᠠᠷᠳᠠᠢ ᠲᠠᠷᠢᠯᠭ᠎ᠠ ᠶᠢᠨ ᠡᠬᠦᠷᠭᠡ ᠶᠢ ᠬᠠᠷᠰᠢᠯᠠᠭᠰᠠᠨ᠂ ᠲᠠᠷᠢᠯᠭ᠎ᠠ ᠶᠢ ᠲᠤᠤᠱᠳᠠᠢ ᠬᠢᠯᠭᠡᠭᠰᠡᠨ ᠦᠭᠡᠢ ᠠᠴᠠ ᠪᠤᠯᠵᠤ ᠠᠮᠢᠳᠠᠨ ᠤ ᠬᠢᠵᠢᠭ ᠡᠪᠡᠳᠴᠢᠨ ᠡᠬᠦᠰᠪᠡᠯ᠂  ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢᠳᠠᠨ ᠤ ᠬᠢᠵᠢᠭ ᠰᠡᠷᠭᠡᠶᠢᠯᠡᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠤᠭᠳᠠᠭᠠᠯ ᠢᠶᠠᠷ ᠬᠠᠮᠢᠶ᠎ᠡ ᠪᠦᠬᠦᠢ ᠨᠢᠭᠡᠴᠡ ᠪᠤᠯᠤᠨ ᠬᠦᠮᠦᠰ ᠠᠴᠠ ᠬᠠᠤᠯᠢ ᠶᠢᠨ ᠬᠠᠷᠢᠭᠤᠴᠠᠯᠭ᠎ᠠ ᠶᠢ ᠨᠡᠭᠡᠮᠵᠢᠯᠡᠨ᠎ᠡ᠃                       ᠪᠠᠷᠠᠭᠤᠨ ᠦᠵᠦᠮᠦᠴᠢᠨ ᠬᠤᠰᠢᠭᠤᠨ ᠤ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠦᠪ ᠠᠴᠠ ᠤᠬᠠᠭᠤᠯᠪᠠ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ‍ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号