ᠰᠢᠯᠢ ᠶᠢᠨ ᠭᠤᠤᠯ ᠠᠶᠢᠮᠠᠭ ᠤᠨ 2024 ᠤᠨ ᠤ ᠮᠢᠬᠠᠨ ᠤ ᠦᠬᠡᠷ ᠤᠨ ᠠᠵᠦ ᠦᠢᠯᠡᠰ ᠤᠨ ᠬᠦᠭᠵᠢᠯᠲᠡ ᠶᠢ ᠳᠡᠳᠬᠦᠬᠦ ᠲᠤᠬᠠᠢ ᠲᠦᠷᠦ ᠶᠢᠨ ᠪᠤᠳᠤᠯᠭ᠎ᠠ
ᠨᠡᠶᠢᠲᠡᠯᠡᠭᠰᠡᠨ ᠴᠠᠭ᠄
2024/3/4
  ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠤᠨ ᠠᠵᠦ ᠦᠢᠯᠡᠰ ᠤᠨ ᠬᠦᠭᠵᠢᠯᠲᠡ ᠶᠢ ᠲᠡᠳᠬᠦᠬᠦ ᠠᠷᠭ᠎ᠠ ︵ᠲᠤᠷᠰᠢᠨ ᠬᠡᠷᠡᠭᠵᠢᠭᠦᠯᠬᠦ︶    ᠨᠢᠭᠡ᠂ ᠮᠢᠬᠠᠨ ᠤ ᠦᠬᠡᠷ ᠤᠨ ᠭᠤᠤᠯᠳᠡᠯᠭᠠᠲᠤ ᠰᠦᠷᠦᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠰᠢᠨ᠎ᠡ ᠪᠠᠷ ᠬᠢᠨᠠᠨ ᠳᠤᠭᠳᠠᠭᠠᠯ ᠬᠢᠵᠦ ᠬᠢᠷᠢ ᠲᠡᠩᠴᠡᠭᠰᠡᠨ ᠠᠶᠢᠮᠠᠭ ᠤᠨ ᠲᠠᠰ ᠤᠨ ᠮᠢᠬᠠᠨ ᠤ ᠦᠬᠡᠷ ᠤᠨ ᠭᠤᠤᠯᠳᠡᠯᠭᠠᠲᠤ ᠰᠦᠷᠦᠭ ᠢ ᠨᠢᠭᠡ ᠤᠳᠠᠭ᠎ᠠ ᠶᠢᠨ ᠴᠢᠨᠠᠷᠲᠠᠢ ᠪᠠᠷ 3 ᠲᠦᠮᠡᠨ ᠲᠥᠭᠦᠷᠢᠭ ᠱᠠᠩᠨᠠᠵᠤ᠂ ᠳᠠᠬᠢᠨ ᠰᠢᠨ᠎ᠡ ᠪᠠᠷ ᠬᠢᠨᠠᠨ ᠳᠤᠭᠳᠠᠭᠠᠯ  ᠬᠢᠯᠭᠡᠭᠰᠡᠨ ᠢ ᠱᠠᠩᠨᠠᠬᠤ ᠦᠭᠡᠢ᠃      2024 ᠣᠨ ᠠᠴᠠ ᠰᠡᠭᠦᠯᠡᠷ ᠥᠷᠲᠡᠭᠡᠨ ᠤ ᠦᠷ᠎ᠡ ᠶᠢ ᠬᠡᠷᠡᠭᠯᠡᠵᠦ ᠦᠷ᠎ᠡ ᠶᠢᠨ ᠮᠠᠯ ᠪᠤᠶᠢᠵᠢᠭᠤᠯᠤᠭᠰᠠᠨ ᠤᠯᠤᠰ ᠤᠨ ᠳᠡᠰ ᠤᠨ ᠡᠭᠦᠯᠳᠡᠷ ᠪᠣᠶᠢᠵᠢᠭᠤᠯᠬᠤ ᠭᠤᠤᠯᠳᠡᠯᠭᠠᠲᠤ ᠰᠦᠷᠦᠭ ᠤᠨ ᠦᠬᠡᠷ ᠪᠦᠷᠢ ᠳᠤ ᠨᠢᠭᠡᠯᠡ ᠳᠡᠭᠡᠷ᠎ᠡ 2 ᠲᠦᠮᠡᠨ ᠲᠥᠭᠦᠷᠢᠭ ᠤᠨ ᠨᠥᠬᠦᠪᠦᠷᠢ ᠥᠭᠴᠦ᠂ ᠰᠢᠨ᠎ᠡ ᠪᠠᠷ ᠥᠪᠡᠷᠲᠡᠭᠡᠨ ᠵᠠᠰᠠᠬᠤ ᠣᠷᠣᠨ ᠤ ᠮᠢᠬᠠᠨ ᠤ ᠦᠬᠡᠷ ᠤᠨ ᠡᠭᠦᠯᠳᠡᠷ ᠪᠣᠶᠢᠵᠢᠭᠤᠯᠬᠤ ᠭᠤᠤᠯᠳᠡᠯᠭᠠᠲᠤ ᠲᠠᠯᠠᠪᠠᠶ ᠪᠠᠷ ᠦᠨᠡᠯᠡᠭᠳᠡᠪᠡᠯ ᠨᠢᠭᠡᠯᠡ ᠳᠡᠭᠡᠷ᠎ᠡ 20 ᠲᠦᠮᠡᠨ ᠲᠥᠭᠦᠷᠢᠭ ᠢᠶᠠᠷ ᠱᠠᠩᠨᠠᠨ᠎ᠠ᠃ ᠰᠢᠨ᠎ᠡ ᠪᠠᠷ ᠤᠯᠤᠰ ᠤᠨ ᠳᠡᠰ ᠤᠨ ᠮᠢᠬᠠᠨ ᠤ ᠦᠬᠡᠷ ᠤᠨ ᠡᠭᠦᠯᠳᠡᠷ ᠪᠣᠶᠢᠵᠢᠭᠤᠯᠬᠤ ᠭᠤᠤᠯᠳᠡᠯᠭᠠᠲᠤ ᠲᠠᠯᠠᠪᠠᠶ ᠪᠠᠷ ᠦᠨᠡᠯᠡᠭᠳᠡᠪᠡᠯ ᠨᠢᠭᠡᠯᠡ ᠳᠡᠭᠡᠷ᠎ᠡ 100 ᠲᠦᠮᠡᠨ ᠲᠥᠭᠦᠷᠢᠭ ᠢᠶᠠᠷ ᠱᠠᠩᠨᠠᠨ᠎ᠠ᠃  ᠰᠢᠨ᠎ᠡ ᠪᠠᠷ ᠤᠯᠤᠰ ᠤᠨ ᠲᠠᠰ ᠤᠨ ᠮᠢᠬᠠᠨ ᠤ ᠦᠬᠡᠷ ᠤᠨ ᠤᠳᠤᠮᠯᠠᠯ ᠤᠨ ᠡᠬᠢ ᠪᠠᠶᠠᠯᠢᠭ ᠤᠨ ᠡᠭᠦᠯᠳᠡᠷ ᠬᠠᠮᠠᠭᠠᠯᠠᠬᠤ ᠲᠠᠯᠠᠪᠠᠶ ︵ᠲᠣᠭᠤᠷᠢᠭ︶ ᠪᠠᠷ ᠰᠢᠨ᠎ᠡ ᠪᠠᠷ ᠦᠨᠡᠯᠡᠭᠳᠡᠪᠡᠯ ᠨᠢᠭᠡᠯᠡ ᠳᠡᠭᠡᠷ᠎ᠡ 30 ᠲᠦᠮᠡᠨ ᠲᠥᠭᠦᠷᠢᠭ ᠢᠶᠠᠷ ᠱᠠᠩᠨᠠᠨ᠎ᠠ᠃   ᠬᠤᠶᠠᠷ᠂ ᠮᠢᠠᠬᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠲᠠᠯ᠎ᠠ ᠪᠠᠷ᠃ ᠭᠠᠳᠠᠭᠠᠳᠤ ᠠᠴᠠ ᠣᠷᠣᠭᠤᠯᠤᠭᠰᠠᠨ ᠢᠴᠡᠭᠡᠯ ᠦᠷ᠎ᠡ ᠪᠦᠷᠢ ᠳᠤ 30 ᠲᠥᠭᠦᠷᠢᠭ ᠤᠨ ᠨᠥᠬᠦᠪᠦᠷᠢ ᠥᠭᠴᠦ᠂ ᠤᠯᠤᠰ ᠲᠠᠭᠠᠨ ᠦᠢᠯᠡᠳᠪᠦᠷᠢᠯᠡᠭᠰᠡᠨ ᠢᠴᠡᠭᠡᠯ ᠦᠷ᠎ᠡ ᠪᠦᠷᠢ ᠳᠤ10 ᠲᠥᠭᠦᠷᠢᠭ ᠤᠨ ᠨᠥᠬᠦᠪᠦᠷᠢ ᠥᠭᠭᠦᠨ᠎ᠡ  ᠃   ᠭᠤᠷᠪᠠ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠪᠦᠷᠬᠦᠴᠡ ᠶᠢ ᠥᠷᠭᠡᠳᠬᠡᠬᠦ ᠲᠠᠯ᠎ᠠ ᠪᠠᠷ᠃ ᠮᠠᠯᠵᠢᠬᠤ ᠣᠷᠣᠨ ᠳᠤ ᠭᠠᠴᠠᠭ᠎ᠠ ᠪᠠᠷ ᠨᠢᠭᠡᠴᠢᠯᠡᠵᠦ ᠮᠢᠠᠬᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠠᠵᠢᠯ ᠢ ᠲᠦᠯᠬᠢᠨ ᠠᠬᠢᠭᠤᠯᠬᠤ ᠶᠢ ᠵᠣᠷᠢᠭᠵᠢᠭᠤᠯᠤᠨ᠎ᠠ᠃ ᠬᠤᠶᠢᠳᠤ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠬᠦ ᠡᠬᠡ ᠮᠠᠯ ᠢ ᠲᠦᠯᠯᠡᠬᠦ ᠡᠬᠡ ᠮᠠᠯ ᠤᠨ ᠲᠤᠭ᠎ᠠ ᠶᠢᠨ 30% ᠠᠴᠠ ᠳᠡᠭᠡᠭᠰᠢ ᠳᠤ ᠬᠦᠷᠭᠡᠬᠦ ᠮᠥᠷᠲᠡᠭᠡᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠬᠠᠷᠢᠴᠠᠯ ᠢ ᠳᠡᠭᠡᠷ᠎ᠡ ᠵᠢᠯ ᠤᠨ  ᠬᠢ ᠠᠴᠠ 10% ᠠᠴᠠ ᠳᠡᠭᠡᠭᠰᠢ ᠳᠤ ᠬᠦᠷᠭᠡᠵᠦ᠂  ᠭᠠᠴᠠᠭᠠᠨ ᠤ ᠨᠠᠮ ᠤᠨ ᠡᠭᠦᠷ ᠠᠷᠠᠳ ᠤᠨ ᠵᠥᠪᠯᠡᠯ ᠠᠴᠠ ᠨᠢᠭᠡᠳᠦᠯᠲᠡᠢ ᠵᠣᠬᠢᠶᠠᠨ ᠪᠠᠶᠢᠭᠤᠯᠵᠤ ᠠᠬᠢᠭᠤᠯᠤᠭᠰᠠᠨ ᠭᠠᠴᠠᠭᠠᠨ ᠳᠤ ᠨᠢᠭᠡᠯᠡ ᠳᠡᠭᠡᠷ᠎ᠡ 5 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃    ᠳᠥᠷᠪᠡ᠂ ᠢᠴᠡᠭᠡᠯ ᠦᠷ᠎ᠡ ᠢᠶᠠᠷ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯ᠎ᠠ ᠪᠠᠷ᠃ ᠡᠯ᠎ᠡ ᠲᠥᠷᠥᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠳᠤ ᠣᠷᠣᠯᠴᠠᠬᠤ ᠶᠢ ᠵᠣᠷᠢᠭᠵᠢᠭᠤᠯᠵᠤ᠂ ᠮᠠᠯᠵᠢᠬᠤ ᠤᠷᠤᠨ ᠳᠤ ᠭᠠᠴᠠᠭ᠎ᠠ ᠪᠠᠷ ᠨᠢᠭᠡᠴᠡᠯᠡᠵᠦ᠂ ᠢᠴᠡᠭᠡᠯ ᠦᠷ᠎ᠡ ᠶᠢᠨ ᠬᠡᠭᠡᠯᠲᠦᠭᠦᠯᠭᠡ ᠬᠢᠭᠰᠡᠨ ᠡᠬᠡ ᠮᠠᠯ ᠤᠨ ᠲᠤᠭ᠎ᠠ ᠲᠣᠯᠣᠭᠠᠢ ᠶᠢ 500 ᠲᠣᠯᠣᠭᠠᠢ ᠠᠴᠠ ᠳᠡᠭᠡᠭᠰᠢ ᠪᠤᠶᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠭᠰᠡᠨ ᠬᠠᠷᠢᠴᠠᠯ ᠨᠢ ᠲᠦᠯᠡᠯᠬᠦ ᠡᠬᠡ ᠮᠠᠯ ᠤᠨ ᠲᠤᠭ᠎ᠠ ᠶᠢᠨ 30% ᠠᠴᠠ ᠳᠡᠭᠡᠭᠰᠢ ᠶᠢ ᠡᠵᠡᠯᠡᠭᠰᠡᠨ ᠮᠥᠷᠲᠡᠭᠡᠨ ᠬᠡᠭᠡᠯ ᠲᠤᠭᠲᠠᠭᠰᠠᠨ ᠨᠣᠷᠮ᠎ᠠ ᠨᠢ 85% ᠠᠴᠠ ᠳᠡᠭᠡᠭᠰᠢ ᠳᠤ ᠬᠦᠷᠦᠭᠰᠡᠨ ᠪᠠᠶᠢᠪᠠᠯ᠂ ︽ᠮᠠᠯᠵᠢᠬᠤ ᠡᠷᠦᠬᠡ ᠳᠤ ᠬᠦᠷᠴᠦ ᠦᠵᠡᠬᠦ᠂ ᠲᠤᠭᠤᠯ ᠢ ᠦᠵᠡᠬᠦ᠂ ᠲᠠᠩᠰᠠ ᠡᠪᠬᠡᠮᠡᠯ ᠢ ᠦᠵᠡᠬᠦ︾ ᠠᠷᠭ᠎ᠠ ᠮᠠᠶ᠋ᠢᠭ ᠢᠶᠠᠷ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ  ᠬᠢᠨᠠᠨ ᠰᠢᠯᠭᠠᠭᠰᠠᠨ ᠤ ᠳᠠᠷᠠᠭ᠎ᠠ᠂ ᠨᠥᠬᠦᠴᠡᠯ ᠳᠤ ᠨᠡᠶᠢᠴᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠳᠤ ᠲᠤᠭᠤᠯ ᠪᠦᠷᠢ ᠳᠤ 100 ᠲᠥᠭᠦᠷᠢᠭ ᠤᠨ ᠨᠥᠬᠦᠪᠦᠷᠢ ᠣᠯᠭᠤᠨ᠎ᠠ᠃    ᠲᠠᠪᠤ᠂  ᠮᠢᠠᠬᠨ ᠤ ᠦᠬᠡᠷ ᠤᠨ ᠬᠦᠪᠦᠷᠡᠯ ᠰᠢᠯᠵᠢᠭᠦᠯᠬᠦ ᠲᠠᠯ᠎ᠠ ᠪᠠᠷ᠃ ᠠᠶᠢᠮᠠᠭ ᠤᠨ ᠳᠣᠲᠣᠷᠠᠬᠢ ᠡᠭᠦᠯᠳᠡᠷ ᠤᠨ ᠦᠬᠡᠷ ᠤᠨ ᠲᠠᠯᠠᠪᠠᠶ ᠶᠢᠨ  ᠮᠢᠠᠬᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠶ ︵ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠡᠷᠦᠬᠡ᠂  ᠬᠤᠷᠰᠢᠵᠠᠵᠢᠯ᠂ ᠠᠵᠤ ᠠᠬᠤᠶᠢᠯᠠᠯ︶ ᠳᠤ ᠬᠦᠪᠦᠷᠡᠯ ᠰᠢᠯᠵᠢᠭᠦᠯᠬᠦ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠦ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ  ᠬᠢᠨᠠᠨ ᠰᠢᠯᠭᠠᠯᠲᠠ ᠪᠠᠷ ᠳᠡᠮᠵᠢᠨ᠂  ᠬᠡᠭᠡᠯ ᠳᠤᠭᠳᠠᠬᠤ ᠨᠣᠷᠮ᠎ᠠ ᠶᠢ 45% ᠠᠴᠠ ᠳᠡᠭᠡᠭᠰᠢ ᠳᠤ ᠬᠦᠷᠭᠡᠵᠦ᠂ ︽ᠲᠡᠵᠢᠭᠡᠨ ᠦᠷᠡᠵᠢᠭᠦᠯᠬᠦ ᠲᠠᠯᠠᠪᠠᠶ ᠳᠤ ᠬᠦᠷᠴᠦ ᠦᠵᠡᠬᠦ᠂ ᠲᠤᠭᠤᠯ ᠢ ᠦᠵᠡᠬᠦ᠂ ᠲᠠᠩᠰᠠ ᠡᠪᠬᠡᠮᠡᠯ ᠢ ᠦᠵᠡᠬᠦ︾ ᠪᠠᠷ ᠳᠠᠮᠵᠢᠭᠤᠯᠤᠨ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠦᠪᠦᠷᠡᠯ ᠰᠢᠯᠵᠢᠭᠦᠯᠦᠭᠰᠡᠨ ᠲᠤᠭᠤᠯ ᠪᠦᠷᠢ ᠳᠤ ᠨᠢᠭᠡᠯᠡ ᠳᠡᠭᠡᠷ᠎ᠡ 2000 ᠲᠥᠭᠦᠷᠢᠭ ᠤᠨ ᠨᠥᠬᠦᠪᠦᠷᠢ ᠣᠯᠭᠤᠨ᠎ᠠ᠃    ᠨᠥᠬᠦᠪᠦᠷᠢ ᠲᠠᠢ ᠦᠬᠢᠨ ᠲᠤᠭᠤᠯ ᠢ 4 ᠵᠢᠯ  ᠤᠨ ᠳᠣᠲᠣᠷ᠎ᠠ ᠬᠤᠳᠠᠯᠳᠤᠵᠤ ᠪᠣᠯᠬᠤ ᠦᠭᠡᠢ᠂ ᠦᠨᠡᠨᠬᠦ ᠬᠤᠳᠠᠯᠳᠤᠬᠤ ᠴᠢᠬᠤᠯᠠᠳᠠᠢ ᠪᠤᠶᠤ ᠰᠢᠢᠳᠪᠦᠷᠢᠯᠡᠬᠦ ᠴᠢᠬᠤᠯᠠᠳᠠᠢ ᠪᠣᠯ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ ᠲᠠᠷᠢᠶᠠᠯᠠᠩ ᠮᠠᠯ ᠠᠵᠤ ᠠᠬᠤᠢ ᠵᠢᠨ‌‍ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠦᠬᠦᠢ ᠨᠥᠬᠦᠪᠦᠷᠢ ᠮᠥᠩᠭᠦ ᠶᠢ ᠪᠤᠴᠠᠭᠠᠨ ᠠᠪᠤᠨ᠎ᠠ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号