ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2024/3/4
   ᠨᠢᠭᠡ᠂ ᠠᠶᠢᠮᠠᠭ ᠤᠨ ᠳᠤᠳᠤᠭᠠᠳᠦ ᠳᠤ ᠮᠢᠬᠠᠨ ᠤ ᠦᠬᠡᠷ ᠢ ︽ᠡᠷᠦᠬᠡ ᠳᠤ ᠲᠡᠵᠢᠭᠡᠨ ᠦᠷᠡᠵᠢᠭᠦᠯᠵᠦ ᠠᠵᠤ ᠠᠬᠤᠶᠢᠯᠠᠯ ᠳᠤ ᠪᠤᠷᠳᠤᠨ ᠲᠠᠷᠭᠤᠯᠠᠭᠤᠯᠬᠤ︾ ᠶᠢ ᠳᠡᠮᠵᠢᠨ᠎ᠡ᠃   ︽ᠡᠷᠦᠬᠡ ᠳᠤ ᠲᠡᠵᠢᠭᠡᠨ ᠦᠷᠡᠵᠢᠭᠦᠯᠵᠦ ᠠᠵᠤ ᠠᠬᠤᠶᠢᠯᠠᠯ ᠳᠤ ᠪᠤᠷᠳᠤᠨ ᠲᠠᠷᠭᠤᠯᠠᠭᠤᠯᠬᠤ︾  ᠬᠠᠮᠳᠤᠷᠠᠯᠴᠠᠭᠠᠨ ᠤ ᠵᠠᠭᠪᠤᠷ ᠢ ᠵᠣᠷᠢᠭᠵᠢᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠢᠳᠡᠪᠬᠢᠳᠡᠢ ᠪᠠᠷ ᠲᠤᠭᠤᠯ ᠪᠣᠶᠢᠵᠢᠭᠤᠯᠬᠤ ᠶᠢᠨ ᠬᠠᠮᠲᠤ ᠠᠶᠢᠮᠠᠭ ᠤᠨ ᠳᠣᠲᠣᠷᠠᠬᠢ ᠪᠤᠷᠳᠤᠨ ᠲᠠᠷᠭᠤᠯᠠᠭᠤᠯᠬᠤ ᠲᠠᠯᠠᠪᠠᠢ ᠳᠤ ᠬᠤᠳᠠᠯᠳᠤᠭᠤᠯᠵᠦ᠂ ᠪᠤᠷᠳᠤᠨ ᠲᠠᠷᠭᠤᠯᠠᠭᠤᠯᠬᠤ ᠲᠠᠯᠠᠪᠠᠢ ᠠᠴᠠ ᠲᠤᠭᠤᠯ ᠢ ᠬᠤᠳᠠᠯᠳᠤᠨ ᠠᠪᠴᠦ ᠪᠤᠷᠳᠤᠨ ᠲᠠᠷᠭᠤᠯᠠᠭᠤᠯᠤᠨ᠎ᠠ᠃ ᠲᠡᠵᠢᠭᠡᠨ ᠦᠷᠡᠵᠢᠭᠦᠯᠬᠦ ᠡᠷᠦᠬᠡ ᠨᠢ ᠪᠤᠷᠳᠤᠨ ᠲᠠᠷᠭᠤᠯᠠᠭᠤᠯᠬᠤ ᠲᠠᠯᠠᠪᠠᠶ ︵ᠪᠤᠷᠳᠤᠨ ᠲᠠᠷᠭᠤᠯᠠᠭᠤᠯᠬᠤ ᠬᠡᠪᠴᠢᠶ᠎ᠡ ᠨᠢ 100 ᠲᠣᠯᠣᠭᠠᠢ ᠠᠴᠠ ᠳᠡᠭᠡᠭᠰᠢ︶ ᠶᠢᠨ ᠪᠠᠷᠢᠮᠵᠢᠶ᠎ᠠ ᠳᠤ ᠬᠦᠷᠦᠭᠰᠡᠨ ᠲᠤᠭᠤᠯ ᠢᠶᠠᠨ ᠬᠤᠳᠠᠯᠳᠤᠪᠠᠯ᠂ ᠲᠣᠯᠣᠭᠠᠢ ᠪᠦᠷᠢ ᠶᠢ 500 ᠲᠥᠭᠦᠷᠢᠭ ᠢᠶᠠᠷ   ᠱᠠᠩᠨᠠᠨ᠎ᠠ᠃    ᠬᠤᠶᠠᠷ᠂ ᠠᠶᠢᠮᠠᠭ ᠤᠨ ᠳᠤᠳᠤᠭᠠᠳᠤ ᠳᠤ ᠮᠢᠬᠠᠨ ᠤ ᠦᠬᠡᠷ ᠪᠤᠷᠳᠤᠨ ᠲᠠᠷᠭᠤᠯᠠᠭᠤᠯᠬᠤ ᠶᠢ ᠲᠡᠮᠵᠢᠨ᠎ᠡ᠃ ᠵᠣᠬᠢᠬᠤ ᠬᠡᠪᠴᠢᠶ᠎ᠡ‌‍ᠲ᠋ᠠᠢ ᠪᠠᠷ ᠮᠢᠠᠬᠨ ᠤ ᠦᠬᠡᠷ ᠪᠤᠷᠳᠤᠨ ᠲᠠᠷᠭᠤᠯᠠᠭᠤᠯᠬᠤ ᠶᠢ ᠳᠡᠮᠵᠢᠵᠦ᠂ ᠠᠶᠢᠮᠠᠭ ᠤᠨ  ᠳᠣᠲᠣᠭᠠᠳᠤ ᠶᠢᠨ ᠪᠤᠷᠳᠤᠨ ᠲᠠᠷᠭᠤᠯᠠᠭᠤᠯᠬᠤ ᠠᠵᠤ ᠠᠬᠤᠶᠢᠯᠠᠯ ᠳᠤ ᠲᠠᠩᠰᠠ ᠡᠪᠬᠡᠮᠡᠯ ᠪᠠ ᠤᠷᠮᠠᠰᠢᠭᠤᠯᠬᠤ ᠲᠤᠭᠲᠠᠴᠠ ᠪᠠᠶᠢᠭᠤᠯᠤᠨ᠎ᠠ᠃ ᠠᠶᠢᠮᠠᠭ ᠤᠨ ᠳᠣᠲᠣᠷᠠᠬᠢ ᠮᠢᠬᠠᠨ ᠤ ᠦᠬᠡᠷ ᠪᠤᠷᠳᠤᠨ ᠲᠠᠷᠭᠤᠯᠠᠭᠤᠯᠬᠤ ᠲᠠᠯᠠᠪᠠᠶ ᠨᠢ ᠪᠤᠷᠳᠤᠨ ᠲᠠᠷᠭᠤᠯᠠᠭᠤᠯᠤᠭᠰᠠᠨ ᠦᠬᠡᠷ ᠢᠶᠠᠨ ᠠᠶᠢᠮᠠᠭ ᠤᠨ ᠳᠣᠲᠣᠭᠠᠳᠤ ᠶᠢᠨ ᠡᠳ᠋ᠰᠢᠭᠦᠯᠬᠦ ᠠᠵᠤ ᠠᠬᠤᠶᠢᠯᠠᠯ ᠳᠤ ᠬᠤᠳᠠᠯᠳᠤᠪᠠᠯ ᠨᠥᠬᠦᠪᠦᠷᠢ ᠣᠯᠭᠤᠨ᠎ᠠ᠃ ᠠᠶᠢᠮᠠᠭ ᠤᠨ ᠳᠣᠲᠣᠭᠠᠳᠤ ᠶᠢᠨ ᠡᠳ᠋ᠰᠢᠭᠦᠯᠬᠦ ᠠᠵᠤ ᠠᠬᠤᠶᠢᠯᠠᠯ ᠳᠤ ᠬᠤᠳᠠᠯᠳᠤᠵᠦ ᠨᠢᠲᠤᠯᠵᠦ ᠡᠳ᠋ᠰᠢᠭᠦᠯᠪᠡᠯ 100 ︱ 199 ᠲᠣᠯᠣᠭᠠᠢ ᠦᠬᠡᠷ ᠲᠤ ᠨᠢᠭᠡᠯᠡ ᠤᠳᠠᠭ᠎ᠠ ᠶᠢᠨ ᠴᠢᠨᠠᠷᠳᠠᠢ ᠪᠠᠷ ᠦᠬᠡᠷ ᠪᠦᠷᠢ ᠳᠤ 1000 ᠲᠥᠭᠦᠷᠢᠭ ᠱᠠᠩᠨᠠᠨ᠎ᠠ᠂ 200︱ 399 ᠪᠣᠯ ᠦᠬᠡᠷ ᠪᠦᠷᠢ ᠳᠤ 1100 ᠲᠥᠭᠦᠷᠢᠭ ᠱᠠᠩᠨᠠᠨ᠎ᠠ᠂ 400︱ 599 ᠪᠣᠯ ᠦᠬᠡᠷ ᠪᠦᠷᠢ ᠳᠤ 1200 ᠲᠥᠭᠦᠷᠢᠭ ᠱᠠᠩᠨᠠᠨ᠎ᠠ᠂ 600︱799 ᠪᠣᠯ ᠦᠬᠡᠷ ᠪᠦᠷᠢ ᠳᠤ 1300 ᠲᠥᠭᠦᠷᠢᠭ ᠱᠠᠩᠨᠠᠨ᠎ᠠ᠂ 800︱999 ᠪᠣᠯ ᠦᠬᠡᠷ ᠪᠦᠷᠢ ᠳᠤ1400 ᠲᠥᠭᠦᠷᠢᠭ  ᠱᠠᠩᠨᠠᠨ᠎ᠠ᠂ 1000 ᠲᠣᠯᠣᠭᠠᠢ ᠠᠴᠠ ᠳᠡᠭᠡᠭᠰᠢ ᠪᠣᠯ ᠦᠬᠡᠷ ᠪᠦᠷᠢ ᠳᠤ 1500 ᠲᠥᠭᠦᠷᠢᠭ ᠱᠠᠩᠨᠠᠨ᠎ᠠ᠂ ᠱᠠᠩᠨᠠᠬᠤ ᠵᠤᠭᠤᠰᠤᠨ ᠤ ᠲᠤᠭ᠎ᠠ ᠬᠡᠮᠵᠢᠶ᠎ᠡ ᠶᠢ ᠬᠠᠮᠤᠭ ᠥᠨᠳᠥᠷ ᠲᠡᠭᠡᠨ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ  ᠃    ᠭᠤᠷᠪᠠ᠂ ᠠᠶᠢᠮᠠᠭ ᠤᠨ ᠳᠤᠳᠤᠭᠠᠳᠦ ᠶᠢᠨ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠤᠨ ᠨᠠᠷᠢᠯᠢᠭ ᠡᠳ᠋ᠰᠢᠭᠦᠯᠬᠦ ᠶᠢ ᠳᠡᠮᠵᠢᠨ᠎ᠡ᠃ ᠵᠢᠯ ᠳᠤ ᠠᠶᠢᠮᠠᠭ ᠤᠨ ᠳᠤᠳᠤᠭᠠᠳᠦ ᠶᠢᠨ ᠪᠤᠷᠳᠤᠨ ᠲᠠᠷᠭᠤᠯᠠᠭᠤᠯᠤᠬᠰᠠᠨ ᠦᠬᠡᠷ ᠢ 2000 ᠲᠣᠯᠣᠭᠠᠢ ᠠᠴᠠ ᠳᠡᠭᠡᠭᠰᠢ ᠠᠯᠠᠵᠤ ᠨᠢᠲᠤᠯᠵᠤ ᠡᠳ᠋ᠰᠢᠭᠦᠯᠦᠭᠰᠡᠨ ᠠᠵᠤ ᠠᠬᠤᠶᠢᠯᠠᠯ ᠳᠤ ᠨᠢᠭᠡᠯᠡ ᠤᠳᠠᠭ᠎ᠠ ᠶᠢᠨ ᠴᠢᠨᠠᠷᠲᠠᠢ ᠪᠠᠷ 100 ᠲᠦᠮᠡᠨ ᠲᠥᠭᠦᠷᠢᠭ ᠢᠶᠠᠷ ᠱᠠᠩᠨᠠᠨ᠎ᠠ᠂ 100 ᠲᠤᠯᠤᠭᠠᠢ ᠦᠬᠡᠷ ᠨᠡᠮᠡᠭᠳᠡᠬᠦ ᠪᠦᠷᠢ ᠳᠤ 5 ᠲᠦᠮᠡᠨ ᠲᠥᠭᠦᠷᠢᠭ ᠢᠯᠡᠭᠦᠦ ᠱᠠᠩᠨᠠᠨ᠎ᠠ᠂ ᠱᠠᠩᠨᠠᠬᠤ ᠵᠤᠭᠤᠰᠤᠨ ᠤ ᠲᠤᠭ᠎ᠠ ᠶᠢ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃    ᠳᠥᠷᠪᠡ᠂ ᠮᠢᠠᠬᠨ ᠤ ᠦᠬᠡᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠳᠡᠮᠵᠢᠨ᠎ᠡ᠃ ᠠᠶᠢᠮᠠᠭ ᠤᠨ ᠳᠤᠳᠤᠭᠠᠳᠦ ᠶᠢᠨ ᠪᠤᠷᠳᠤᠨ ᠲᠠᠷᠭᠤᠯᠠᠭᠤᠯᠤᠭᠰᠠᠨ ᠦᠬᠡᠷ ᠢ ᠨᠢᠲᠤᠯᠵᠤ ᠡᠳ᠋ᠰᠢᠯᠡᠭᠦᠯᠦᠭᠰᠡᠨ ᠮᠦᠷᠲᠡᠭᠡᠨ C ᠦᠵᠦᠭᠦᠷ ᠤᠨ ᠪᠣᠷᠤᠯᠠᠭᠤᠯᠭ᠎ᠠ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ ᠰᠢᠯᠢ ᠶᠢᠨ ᠭᠤᠤᠯ ᠬᠤᠨᠢᠨ ᠤ ᠡᠷᠬᠡ ᠣᠯᠭᠤᠭᠰᠠᠨ ᠠᠵᠤ ᠠᠬᠤᠶᠢᠯᠠᠯ ᠯᠤᠭ᠎ᠠ ᠠᠳᠠᠯᠢ ᠨᠥᠬᠦᠴᠡᠯ ᠢᠶᠠᠷ ᠤᠷᠢᠳᠠᠪᠠᠷ ᠬᠦᠢᠲᠡᠨ  ᠬᠡᠯᠬᠢᠶᠡᠳᠦ ᠲᠡᠭᠡᠭᠡᠪᠦᠷᠢ ᠪᠤᠯᠤᠨ ᠤᠷᠢᠳᠠᠴᠢ ᠬᠥᠮᠥᠷᠭᠡ ᠶᠢ ᠬᠡᠷᠡᠭᠯᠡᠬᠦᠯᠦᠨ᠎ᠡ᠃ ᠠᠵᠤ ᠠᠬᠤᠶᠢᠯᠠᠯ ᠤᠨ ᠲᠣᠮᠣ ᠬᠡᠯᠪᠡᠷᠢ ᠶᠢᠨ ᠮᠢᠬᠠᠨ ᠤ ᠦᠬᠡᠷ ᠤᠨ ᠠᠵᠤ ᠦᠢᠯᠡᠰ ᠤᠨ ᠬᠥᠯᠳᠡᠭᠡᠵᠦ ᠬᠠᠳᠠᠭᠠᠯᠠᠬᠤ ᠰᠢᠨ᠎ᠡ ᠰᠣᠷᠭᠤᠭ ᠢᠶᠠᠷ ᠬᠠᠳᠠᠭᠠᠯᠠᠬᠤ  ᠳᠦᠬᠦᠷᠦᠮᠵᠢ ᠶᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠤᠯᠤᠰ ᠤᠨ ᠬᠤᠲᠠ ᠬᠥᠳᠡᠭᠡ ᠶᠢᠨ  ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠳᠦᠬᠦᠷᠦᠮᠵᠢ ᠶᠢᠨ ᠲᠥᠷᠥᠯ ᠵᠦᠢᠯ ᠤᠨ ᠳᠡᠮᠵᠢᠯᠭᠡ   ᠦᠵᠡᠭᠦᠯᠦᠨ᠎ᠡ᠃    ᠲᠠᠪᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠨ᠎ᠠ᠃ ᠮᠥᠩᠭᠦᠨ ᠭᠦᠢᠯᠭᠡᠭᠡ᠂ ᠢᠲᠡᠭᠡᠮᠵᠢ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠮᠢᠬᠠᠨ ᠤ ᠦᠬᠡᠷ ᠤᠨ ᠪᠥᠬᠦ ᠠᠵᠤ ᠦᠢᠯᠡᠰ ᠤᠨ ᠬᠡᠯᠬᠢᠶᠡᠨ ᠤ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠴᠦ ᠪᠡᠯᠡ ᠤᠷᠤᠭᠤᠯᠬᠤ ᠦᠪᠡᠷ ᠤᠨ ᠦᠷᠲᠡᠭ ᠢ  ᠪᠠᠭᠤᠷᠠᠭᠤᠯᠬᠤ ᠶᠢ ᠵᠤᠷᠢᠭᠵᠢᠭᠤᠯᠤᠨ᠎ᠠ᠃ ᠪᠡᠯᠡ ᠤᠷᠤᠭᠤᠯᠬᠤ ᠨᠥᠬᠦᠴᠡᠯ ᠳᠤ ᠨᠡᠶᠢᠴᠡᠬᠦ ᠬᠡᠪᠴᠢᠶᠡᠭᠰᠡᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ︵ᠪᠤᠷᠳᠤᠨ ᠲᠠᠷᠭᠤᠯᠠᠭᠤᠯᠬᠤ︶ ᠠᠵᠤ ᠠᠬᠤᠶᠢᠯᠠᠯ ᠪᠣᠯᠣᠨ ᠠᠯᠠᠵᠤ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠵᠢᠭᠡᠯᠡᠯᠭᠡ ᠭᠤᠶᠤᠴᠢᠯᠠᠬᠤ ᠳᠤ ᠰᠢᠯᠢ ᠶᠢᠨ ᠭᠤᠣᠯ ᠬᠤᠨᠢᠨ ᠤ ᠡᠷᠬᠡ ᠶᠢ ᠣᠯᠭᠤᠭᠰᠠᠨ ᠠᠵᠤ ᠠᠬᠤᠶᠢᠯᠠᠯ ᠯᠤᠭ᠎ᠠ ᠠᠳᠠᠯᠢ ᠨᠥᠬᠦᠴᠡᠯ ᠢᠶᠠᠷ ᠤᠷᠢᠳᠠᠪᠠᠷ ᠳᠡᠮᠵᠢᠨ᠎ᠡ᠃ ᠵᠢᠭᠡᠯᠡᠯᠭᠡ ᠶᠢᠨ ᠵᠤᠭᠤᠰᠤᠨ ᠤ ᠲᠤᠭ᠎ᠠ ᠬᠡᠮᠵᠢᠶ᠎ᠡ ᠶᠢ ᠪᠤᠷᠳᠤᠨ ᠲᠠᠷᠭᠤᠯᠠᠭᠤᠯᠬᠤ ᠪᠠ ᠨᠢᠲᠤᠯᠵᠤ ᠡᠳ᠋ᠰᠢᠭᠦᠯᠬᠦ ᠪᠣᠳᠠᠲᠠᠢ ᠲᠤᠭ᠎ᠠ ᠬᠡᠮᠵᠢᠶ᠎ᠡ ᠯᠦᠭᠡ ᠬᠤᠯᠪᠣᠭᠳᠠᠭᠤᠯᠵᠤ᠂ ᠲᠤᠭ᠎ᠠ ᠬᠡᠮᠵᠢᠶ᠎ᠡ ᠶᠢ 3000 ᠲᠦᠮᠡᠨ ᠲᠥᠭᠦᠷᠢᠭ ᠠᠴᠠ ᠬᠡᠳᠦᠷᠡᠬᠦᠯᠬᠦ ᠦᠭᠡᠢ᠃ ᠠᠷᠠᠳ ᠤᠨ ᠪᠠᠩᠬᠢ ᠶᠢᠨ ᠨᠡᠶᠢᠲᠡᠯᠡᠭᠰᠡᠨ ᠲᠤᠬᠠᠢ ᠶᠢᠨ ᠬᠤᠭᠤᠴᠠᠭᠠᠨ ᠤ LPR ︵ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ︶   ᠠᠴᠠ ᠬᠡᠳᠦᠷᠡᠬᠦᠯᠬᠦ ᠦᠭᠡᠢ ᠪᠠᠷ 50% ᠶᠢᠨ ᠬᠦᠦ ᠮᠦᠩᠭᠦ ᠶᠢ ᠤᠷᠤᠯᠠᠨ ᠥᠭᠭᠦᠨ᠎ᠡ᠃    ᠵᠢᠷᠭᠤᠭ᠎ᠠ᠂ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠳᠡᠮᠵᠢᠨ᠎ᠡ᠃ ᠮᠢᠬᠠᠨ ᠤ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ᠂ ᠮᠠᠨ ᠤ ᠠᠶᠢᠮᠠᠭ ᠤᠨ ᠠᠩᠭᠧᠰ ᠦᠬᠡᠷ ᠵᠢᠴᠢ  ᠸᠡᠭᠢᠶ᠋ᠢᠣ᠋ ᠦᠬᠡᠷ ᠤᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠵᠤ᠂ 1—2 ᠳᠡᠭᠡᠳᠦ ᠲᠠᠰ ᠤᠨ ᠮᠢᠬᠠᠨ ᠤ ᠦᠬᠡᠷ ᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠢ ᠲᠠᠲᠠᠨ ᠠᠪᠴᠢᠷᠠᠵᠤ᠂ ᠠᠶᠢᠮᠠᠭ ᠤᠨ  ᠳᠤᠳᠤᠭᠠᠳᠦ ᠳᠤ ᠪᠠᠨ ᠪᠣᠷᠳᠣᠡ ᠲᠠᠷᠭᠤᠯᠠᠭᠤᠯᠵᠦ ᠨᠠᠷᠢᠯᠢᠭ ᠡᠳ᠋ᠰᠢᠯᠡᠭᠦᠯᠦᠭᠰᠡᠨ ᠦᠨᠳᠦᠷ ᠳᠡᠰ ᠤᠨ ᠦᠬᠡᠷ ᠤᠨ ᠮᠢᠬ᠎ᠠ ᠶᠢ ᠪᠤᠷᠤᠯᠠᠭᠤᠯᠤᠨ᠂ ᠲᠡᠵᠢᠭᠡᠨ ᠦᠷᠡᠵᠢᠭᠦᠯᠬᠦ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠮᠠᠨ ᠤ ᠠᠶᠢᠮᠠᠭ ᠤᠨ ᠳᠡᠭᠡᠳᠦ ᠲᠠᠰ ᠤᠨ  ᠮᠢᠬᠠᠨ ᠤ ᠦᠬᠡᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠳᠤ ᠰᠠᠶᠢᠨ ᠰᠠᠭᠤᠷᠢ ᠲᠠᠯᠪᠢᠨ᠎ᠡ᠃ ᠠᠷᠠᠯᠵᠢᠶᠠᠴᠢᠨ ᠤᠷᠢᠵᠤ ᠪᠡᠯᠡ ᠲᠠᠲᠠᠬᠤ ᠲᠥᠷᠥᠯ ᠵᠦᠢᠯ ᠳᠤ ︽ ᠳᠤᠰᠬᠠᠢ ᠶᠠᠪᠤᠳᠠᠯ ᠢ ᠳᠤᠰᠬᠠᠢ  ᠵᠦᠪᠯᠡᠬᠦ︾ ᠠᠷᠭ᠎ᠠ ᠮᠠᠶ᠋ᠢᠭ ᠢ ᠠᠪᠴᠤ᠂  ᠳᠤᠰᠬᠠᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠬᠦᠯᠦᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号