ᠰᠢᠯᠢ ᠶᠢᠨ ᠭᠤᠣᠯ ᠠᠶᠢᠮᠠᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠵᠢᠴᠢ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠮᠢᠬᠠᠨ ᠤ ᠦᠬᠡᠷ ᠢ ᠬᠡᠪᠴᠢᠶᠡᠵᠢᠭᠦᠯᠦᠨ ᠬᠠᠰᠢᠶᠠᠯᠠᠵᠦ ᠲᠡᠵᠢᠭᠡᠨ ᠦᠷᠡᠵᠢᠬᠦᠯᠬᠦ ᠬᠦᠭᠵᠢᠯᠳᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2024/3/4
    ᠨᠢᠭᠡ᠂ ᠮᠠᠯ ᠠᠵᠤ ᠠᠬᠤᠢ ᠶᠢᠨ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠨᠥᠬᠦᠪᠦᠷᠢ ᠥᠭᠭᠦᠨ᠎ᠡ᠃ ᠡᠯᠡᠰᠦᠷᠬᠡᠭ ᠭᠠᠵᠠᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠳᠡᠮᠵᠢᠵᠦ᠂ ᠳᠠᠭᠠᠭᠠᠴᠠ ᠠᠴᠠ ᠭᠡᠳᠦᠷᠡᠬᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠢᠭ ᠤᠨ ᠭᠠᠵᠠᠷ ᠣᠷᠣᠨ ᠤ 50 ᠲᠣᠯᠣᠭᠠᠢ ᠠᠴᠠ ᠳᠡᠭᠡᠭᠰᠢ ᠮᠢᠠᠬᠨ ᠤ ᠦᠬᠡᠷ ᠢ ᠬᠡᠪᠴᠢᠶᠡᠵᠢᠭᠦᠯᠦᠨ ᠬᠠᠰᠢᠶᠠᠯᠠᠨ ᠲᠡᠵᠢᠭᠡᠬᠦ᠂ ᠲᠡᠵᠢᠭᠡᠨ ᠦᠷᠡᠵᠢᠭᠦᠯᠬᠦ ᠡᠷᠦᠬᠡ ︵ᠲᠠᠯᠠᠪᠠᠶ᠂ ᠬᠤᠷᠰᠢᠶᠠᠵᠢᠯ︶᠂ ᠬᠥᠮᠥᠨ ᠮᠠᠯ ᠢ ᠰᠠᠯᠭᠠᠬᠤ ᠲᠡᠵᠢᠭᠡᠨ ᠦᠷᠡᠵᠢᠭᠦᠯᠬᠦ ᠲᠣᠭᠤᠷᠢᠭ ᠲᠤ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃     ᠪᠥᠬᠦ ᠠᠶᠢᠮᠠᠭ ᠤᠨ ᠲᠣᠬᠢᠷᠠᠭᠤᠯᠤᠭᠰᠠᠨ ᠣᠨ ᠤ ᠲᠡᠳᠬᠦᠨ ᠳᠡᠮᠵᠢᠬᠦ ᠪᠡᠯᠡ ᠮᠥᠩᠭᠦ ᠶᠢᠨ ᠲᠤᠭ᠎ᠠ ᠬᠡᠮᠵᠢᠶᠡᠨ ᠳᠣᠲᠣᠷ᠎ᠠ᠂ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ᠂ ᠤᠷᠢᠳᠠᠪᠠᠷ ᠪᠠᠶᠢᠭᠤᠯᠤᠭᠰᠠᠨ ᠳᠤ ᠤᠷᠢᠳᠠᠪᠠᠷ ᠣᠯᠭᠤᠬᠤ︾ ᠠᠷᠭ᠎ᠠ ᠮᠠᠶ᠋ᠢᠭ ᠢᠶᠠᠷ᠂ ᠰᠢᠨ᠎ᠡ ᠪᠠᠷ ᠪᠠᠶᠢᠭᠤᠯᠤᠭᠰᠠᠨ 300 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠮᠠᠯ ᠤᠨ ᠫᠧᠩ ᠳᠤ ᠲᠡᠭᠰᠢ ᠳᠥᠷᠪᠡᠯᠵᠢᠨ ᠮᠧᠲᠷ ᠪᠦᠷᠢ ᠳᠤ 300 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ᠰᠢᠨ᠎ᠡ ᠪᠠᠷ ᠪᠠᠶᠢᠭᠤᠯᠬᠤ ᠮᠠᠯ ᠤᠨ ᠫᠧᠩ ᠶᠢ ᠲᠠᠷᠢᠶᠠᠯᠠᠬᠤ ᠮᠠᠯᠵᠢᠬᠤ ᠡᠷᠦᠬᠡ ᠶᠢᠨ ᠠᠮᠢᠳᠤᠷᠠᠯ ᠤᠨ ᠲᠣᠭᠤᠷᠢᠭ ᠠᠴᠠ ᠰᠠᠯᠭᠠᠬᠤ ᠬᠡᠷᠡᠭᠲᠡᠢ᠃ ᠬᠥᠳᠡᠭᠡ ᠲᠣᠰᠬᠤᠨ ᠤ ᠬᠥᠭᠵᠢᠭᠦᠯᠦᠯᠲᠡ ᠶᠢ ᠵᠣᠯᠭᠠᠭᠤᠯᠬᠤ ᠪᠡᠯᠡ ᠮᠥᠩᠭᠦ ᠵᠢᠴᠢ  ᠤᠯᠤᠰ᠂ ᠥᠪᠡᠷᠲᠡᠭᠡᠨ ᠵᠠᠰᠠᠬᠤ ᠣᠷᠣᠨ ᠤ ᠪᠤᠰᠤᠳ‌‍ᠲ᠋ᠥ᠋ᠷᠥᠯ ᠵᠦᠢᠯ ᠤᠨ ᠪᠡᠯᠡ ᠮᠥᠩᠭᠦ ᠶᠢ ᠬᠦᠷᠲᠡᠵᠦ ᠦᠩᠭᠡᠷᠡᠭᠰᠡᠨ ᠡᠲᠡᠭᠡᠳ ᠲᠤ ᠲᠣᠰ ᠵᠦᠢᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠳᠠᠪᠬᠤᠷ ᠬᠦᠷᠲᠡᠭᠡᠵᠦ ᠪᠣᠯᠬᠤ ᠦᠭᠡᠢ᠃     ᠬᠤᠶᠠᠷ᠂ ᠬᠡᠪᠴᠢᠶᠡᠵᠢᠭᠰᠡᠨ ᠲᠡᠵᠢᠭᠡᠯ ᠡᠪᠡᠰᠦ ᠪᠣᠷᠳᠤᠭ᠎ᠠ ᠳᠠᠷᠢᠬᠤ ᠭᠤᠣᠯ ᠴᠣᠭᠴᠠ ᠳᠤ ᠨᠥᠬᠦᠪᠦᠷᠢ   ᠥᠭᠭᠦᠨ᠎ᠡ᠃ ᠭᠤᠣᠯᠳᠠᠯᠭ᠎ᠠ ᠲᠠᠢ ᠭᠠᠵᠠᠷ ᠣᠷᠣᠨ ᠤ 200 ᠮᠦ ᠠᠴᠠ ᠳᠡᠭᠡᠭᠰᠢ ᠲᠥᠪᠯᠡᠷᠡᠨ ᠵᠠᠯᠭᠠᠯᠳᠤᠭᠰᠠᠨ ᠬᠡᠪᠴᠢᠶᠡᠵᠢᠭᠦᠯᠦᠨ ᠲᠠᠷᠢᠭᠰᠠᠨ᠂ ᠭᠤᠣᠯᠳᠠᠯᠭ᠎ᠠ ᠲᠠᠢ ᠭᠠᠵᠠᠷ ᠣᠷᠣᠨ ᠤ ᠲᠡᠵᠢᠭᠡᠨ ᠦᠷᠡᠵᠢᠭᠦᠯᠬᠦ ᠭᠤᠣᠯ ᠴᠣᠭᠴᠠ  ᠯᠤᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠭᠰᠠᠨ ᠪᠥᠭᠡᠳ ᠪᠣᠷᠣᠯᠠᠭᠤᠯᠬᠤ ᠶᠢ ᠪᠡᠶᠡᠯᠡᠭᠦᠯᠦᠭᠰᠡᠨ ᠲᠡᠵᠢᠭᠡᠯ ᠡᠪᠡᠰᠦᠨ ᠤ ᠠᠵᠤ ᠠᠬᠤᠶᠢᠯᠠᠯ᠂  ᠲᠠᠷᠢᠮᠠᠯ ᠤᠨ ᠡᠷᠦᠬᠡ ᠳᠤ ᠨᠥᠬᠦᠪᠦᠷᠢ ᠥᠭᠭᠦᠨ᠎ᠡ᠃ ᠡᠭᠦᠨ ᠳᠤ᠄ ᠬᠥᠬᠡ ᠳᠠᠷᠤᠰᠢ᠂ ᠡᠷᠳᠡᠨᠢ ᠰᠢᠰᠢ ᠳᠤ ᠮᠦ ᠪᠦᠷᠢ ᠳᠤ 50 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠥᠭᠭᠦᠨ᠎ᠡ᠃ ᠲᠡᠵᠢᠭᠡᠯ ᠳᠤ ᠬᠡᠷᠡᠭᠯᠡᠬᠦ ᠨᠣᠬᠠᠢ ᠶᠢᠨ ᠬᠤᠰᠢᠭᠤ᠂ ᠶᠤᠤᠮᠠᠢ᠂ ᠨᠠᠷᠢᠮᠤ ᠵᠡᠷᠭᠡ ᠳᠤ ᠮᠦ ᠪᠦᠷᠢ ᠳᠤ 100 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠥᠭᠭᠦᠨ᠎ᠡ᠃ ︽ᠥᠪᠡᠷ ᠢᠶᠠᠨ ᠲᠠᠷᠢᠵᠦ ᠥᠪᠡᠷ ᠢᠶᠠᠨ ᠬᠡᠷᠡᠭᠯᠡᠬᠦ︾ ᠳᠤ ᠨᠥᠬᠦᠪᠦᠷᠢ ᠥᠭᠬᠦ ᠦᠭᠡᠢ᠃     ᠭᠤᠷᠪᠠ᠂ ᠲᠡᠵᠢᠭᠡᠯ ᠡᠪᠡᠰᠦ ᠪᠣᠷᠳᠤᠭ᠎ᠠ ᠶᠢ ᠡᠳ᠋ᠰᠢᠭᠦᠯᠬᠦ ᠪᠠ ᠨᠡᠭᠡᠭᠡᠨ ᠬᠥᠭᠵᠢᠭᠦᠯᠬᠦ ᠳᠤ ᠳᠠᠮ ᠬᠦᠦ ᠶᠢᠨ ᠨᠥᠬᠦᠪᠦᠷᠢ ᠣᠯᠭᠤᠨ᠎ᠠ᠃ ᠠᠶᠢᠮᠠᠭ ᠤᠨ ᠳᠤᠳᠤᠭᠠᠳᠤ ᠶᠢᠨ ᠲᠡᠵᠢᠭᠡᠯ ᠡᠪᠡᠰᠦ ᠪᠣᠷᠳᠣᠭᠠᠨ ᠤ ᠠᠵᠤ ᠠᠬᠤᠶᠢᠯᠠᠯ ᠤᠨ ᠡᠳ᠋ᠰᠢᠭᠦᠯᠬᠦ᠂ ᠬᠤᠷᠢᠶᠠᠨ ᠬᠠᠳᠠᠭᠠᠯᠠᠬᠤ᠂ ᠲᠣᠬᠢᠷᠠᠭᠤᠯᠤᠨ ᠬᠦᠷᠭᠡᠬᠦ ᠪᠠ ᠠᠷᠠᠯᠵᠢᠶᠠᠯᠠᠬᠤ ᠶᠢ ᠨᠢᠭᠡ ᠴᠣᠭᠴᠠᠵᠢᠭᠤᠯᠤᠨ ᠡᠵᠡᠩᠨᠡᠬᠦ ᠶᠢ ᠳᠡᠮᠵᠢᠵᠦ᠂ ᠲᠡᠵᠢᠭᠡᠯ ᠡᠪᠡᠰᠦᠨ ᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠤᠯᠢᠮᠠᠭ  ᠲᠡᠵᠢᠭᠡᠯ ᠡᠪᠡᠰᠦ ᠪᠤᠷᠳᠤᠭ᠎ᠠ ᠶᠢ ᠰᠤᠳᠤᠯᠤᠨ ᠦᠢᠯᠡᠳᠪᠦᠷᠢᠯᠡᠬᠦ ᠶᠢ ᠥᠷᠨᠢᠭᠦᠯᠵᠦ᠂ ᠣᠷᠣᠨ ᠪᠦᠰᠡ ᠶᠢᠨ ᠴᠢᠨᠠᠷᠲᠠᠢ ᠲᠡᠵᠢᠭᠡᠯ ᠡᠪᠡᠰᠦ ᠪᠣᠷᠳᠣᠭᠠᠨ ᠤ ᠬᠠᠩᠭᠠᠯᠭ᠎ᠠ ᠶᠢᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠢᠯ ᠳᠤ 1 ᠲᠦᠮᠡᠨ ᠲᠣᠨ ᠠᠴᠠ ᠳᠡᠭᠡᠭᠰᠢ ᠦᠢᠯᠡᠳᠪᠦᠷᠢᠯᠡᠵᠦ ᠪᠣᠷᠣᠯᠠᠭᠤᠯᠬᠤ ᠶᠢᠨ ᠬᠠᠮᠲᠤ ᠵᠠᠬ᠎ᠠ ᠳᠡᠯᠭᠡᠭᠦᠷ ᠤᠨ ᠦᠨ᠎ᠡ ᠠᠴᠠ ᠳᠣᠣᠷ᠎ᠠ ᠦᠨ᠎ᠡ ᠪᠠᠷ ᠪᠦᠬᠦᠨ ᠢ ᠠᠶᠢᠮᠠᠭ ᠤᠨ ᠳᠤᠳᠤᠭᠠᠳᠤ ᠶᠢᠨ ᠲᠡᠵᠢᠭᠡᠨ ᠦᠷᠡᠵᠢᠭᠦᠯᠬᠦ ᠡᠷᠦᠬᠡ ᠳᠤ ᠪᠣᠷᠣᠯᠠᠭᠤᠯᠵᠤ ᠪᠠᠶᠢᠭ᠎ᠠ ᠲᠡᠵᠢᠭᠡᠯ ᠡᠪᠡᠰᠦ ᠪᠣᠷᠳᠣᠭᠠᠨ ᠤ ᠠᠵᠤ ᠠᠬᠤᠶᠢᠯᠠᠯ ᠤᠨ ᠬᠡᠷᠡᠭᠰᠡᠬᠦ ᠭᠦᠢᠯᠭᠡᠭᠡᠨ ᠤ ᠪᠡᠯᠡ ᠮᠥᠩᠭᠦ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠵᠦ᠂ ᠠᠷᠠᠳ ᠤᠨ ᠪᠠᠩᠬᠢ ᠶᠢᠨ ᠨᠡᠶᠢᠲᠡᠯᠡᠭᠰᠡᠨ ᠲᠣᠰ ᠬᠤᠭᠤᠴᠠᠭᠠᠨ ᠤ LPR ︵ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ  ᠠᠴᠠ ᠥᠨᠳᠥᠷ ᠦᠭᠡᠢ︶ ᠪᠠᠷ 50% ᠶᠢᠨ ᠳᠠᠮ ᠬᠦᠦ ᠥᠭᠭᠦᠨ᠎ᠡ᠃     ᠳᠥᠷᠪᠡ᠂ ᠲᠡᠵᠢᠭᠡᠯ ᠡᠪᠡᠰᠦᠨ ᠤ ᠨᠥᠭᠡᠴᠡᠯᠡᠯᠲᠡ ᠳᠤ ᠨᠥᠬᠦᠪᠦᠷᠢ ᠣᠯᠭᠤᠨ᠎ᠠ᠃ ᠭᠤᠣᠯᠳᠠᠯᠭ᠎ᠠ ᠲᠠᠢ ᠭᠠᠵᠠᠷ ᠣᠷᠣᠨ ᠤ 50 ᠲᠣᠯᠣᠭᠠᠢ ᠠᠴᠠ ᠳᠡᠭᠡᠭᠰᠢ ᠮᠢᠬᠠᠨ ᠤ ᠦᠬᠡᠷ ᠤᠨ ᠬᠠᠰᠢᠶᠠᠯᠠᠨ ᠲᠡᠵᠢᠭᠡᠬᠦ ᠡᠷᠦᠬᠡ ︵ᠲᠠᠯᠠᠪᠠᠶ᠂  ᠬᠤᠷᠰᠢᠶᠠᠵᠢᠯ︶᠂ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠵᠢᠴᠢ ᠠᠶᠢᠮᠠᠭ ᠤᠨ ᠳᠣᠲᠣᠭᠠᠳᠤ ᠳᠤ ᠪᠣᠷᠣᠯᠠᠭᠤᠯᠵᠤ ᠪᠠᠶᠢᠭ᠎ᠠ ᠲᠤᠰᠬᠠᠶᠢᠵᠢᠭᠰᠠᠨ ᠡᠪᠡᠰᠦ ᠪᠣᠷᠳᠤᠭ᠎ᠠ ᠶᠢ ᠬᠤᠷᠢᠶᠠᠨ ᠨᠥᠭᠡᠴᠡᠯᠡᠬᠦ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠭᠤᠣᠯ ᠴᠣᠭᠴᠠ ᠶᠢ ᠳᠡᠮᠵᠢᠵᠦ᠂ ᠠᠶᠢᠮᠠᠭ ᠤᠨ ᠳᠣᠲᠣᠭᠠᠳᠤ ᠶᠢᠨ ᠨᠣᠭᠤᠭᠠᠨ ᠳᠠᠷᠤᠰᠢ ᠶᠢᠨ ᠡᠷᠳᠡᠨᠢ ᠰᠢᠰᠢ᠂ ᠴᠠᠷᠭᠠᠰᠤ᠂ ᠲᠡᠵᠢᠭᠡᠯ ᠳᠤ ᠬᠡᠷᠡᠭᠯᠡᠬᠦ ᠨᠣᠬᠠᠢ ᠶᠢᠨ ᠬᠤᠰᠢᠭᠤ ᠵᠡᠷᠭᠡ ᠴᠢᠨᠠᠷ ᠰᠠᠶᠢᠲᠠᠢ ᠡᠪᠡᠰᠦ ᠪᠣᠷᠳᠤᠭ᠎ᠠ ᠵᠢᠴᠢ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢᠨ ᠭᠥᠯᠢᠶᠡᠨ ᠠᠪᠬᠤ ᠬᠡᠮᠵᠢᠶ᠎ᠡ ᠪᠠᠷ ᠥᠨᠳᠥᠷ᠂ ᠣᠨᠴᠠᠯᠢᠭᠲᠤ ᠡᠪᠡᠰᠦ ᠪᠣᠷᠳᠤᠭ᠎ᠠ ᠶᠢ ᠬᠤᠷᠢᠶᠠᠨ ᠨᠦᠭᠡᠴᠡᠯᠡᠬᠦ ᠳᠤ ᠨᠥᠬᠦᠪᠦᠷᠢ ᠣᠯᠭᠤᠨ᠎ᠠ᠃ ᠡᠪᠡᠰᠦ ᠪᠣᠷᠳᠤᠭ᠎ᠠ ᠶᠢ ᠬᠤᠳᠠᠯᠳᠤᠨ ᠠᠪᠴᠤ ᠨᠥᠭᠡᠴᠡᠯᠡᠬᠦ ᠳᠤ ᠲᠣᠨ ᠪᠦᠷᠢ ᠳᠤ 100 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号