ᠪᠠᠷᠠᠭᠤᠨ ᠦᠵᠦᠮᠦᠴᠢᠨ ᠬᠤᠰᠢᠭᠤᠨ ᠤ ᠬᠡᠪᠴᠢᠶᠠᠨ ᠳᠤ ᠣᠷᠣᠵᠤ ᠠᠭᠠᠷ ᠤᠨ ᠳᠤᠯᠠᠭᠠᠨ ᠳᠣᠷᠣᠭᠰᠢᠯᠠᠬᠤ ᠲᠤᠯᠠ‌ᠣᠯᠠᠨ ᠢᠶᠠᠷ ᠢᠶᠠᠨ ᠪᠡᠯᠡᠳᠬᠡᠯ ᠠᠵᠢᠯ ᠢᠶᠠᠨ ᠰᠠᠶᠢᠲᠤᠷ ᠬᠢᠭᠡᠷᠡᠢ
ᠨᠡᠶᠢᠲᠡᠯᠡᠭᠰᠡᠨ ᠴᠠᠭ᠄
2024/3/4
                                      ᠬᠦᠢᠲᠡᠨ ᠤᠷᠤᠰᠬᠠᠯ ᠤᠨ ᠨᠥᠯᠥᠭᠡ ᠪᠠᠷ᠂ 27 ᠤ ᠡᠳᠦᠷ ᠪᠠᠷᠠᠭᠤᠨ ᠦᠵᠦᠮᠦᠴᠢᠨ ᠬᠤᠰᠢᠭᠤᠨ ᠤ ᠬᠠᠷᠢᠶᠠᠨ ᠳᠤ ᠴᠠᠰᠤ ᠣᠷᠣᠪᠠ᠃ ᠪᠠᠷᠠᠭᠤᠨ ᠦᠵᠦᠮᠦᠴᠢᠨ ᠬᠤᠰᠢᠭᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢᠨ ᠲᠥᠪ ᠠᠴᠠ ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠬᠠᠷᠢᠶ᠎ᠠ ᠣᠷᠣᠨ ᠳᠠᠬᠢ ᠤᠯᠤᠰ ᠤᠨ ᠵᠠᠮ ᠤᠨ 207  ᠪᠠ  ᠤᠯᠤᠰ ᠤᠨ ᠵᠠᠮ ᠤᠨ 306  ᠱᠤᠭᠤᠮ ᠳᠡᠮᠡᠢ ᠶᠡᠭᠡ ᠨᠥᠯᠥᠭᠡᠯᠡᠭᠳᠡᠭᠰᠡᠨ ᠦᠭᠡᠢ᠃    ᠰᠤᠷᠪᠤᠯᠵᠢᠯᠠᠭᠴᠢ ᠤᠯᠤᠰ ᠤᠨ ᠵᠠᠰᠠᠮᠠᠯ ᠵᠠᠮ ᠤᠨ 306 ᠱᠤᠭᠤᠮ ᠤᠨ  K723 ᠺᠢᠯᠣᠮᠧᠲᠷ ᠤᠨ  ᠴᠠᠰᠤ ᠬᠢᠯᠪᠠᠷᠬᠠᠨ ᠬᠤᠷᠠᠳᠠᠭ ᠬᠡᠰᠡᠭ ᠲᠤ ᠬᠦᠷᠬᠦ ᠳᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠲᠥᠪ ᠤᠨ  ᠴᠠᠰᠤ ᠴᠡᠪᠡᠷᠯᠡᠬᠦ ᠮᠠᠰᠢᠨ ᠶᠠᠭᠠᠷᠠᠯᠲᠠᠢ‌ᠠᠵᠢᠯᠯᠠᠵᠤ ᠪᠠᠶᠢᠬᠤ ᠶᠢ ᠣᠯᠵᠤ ᠬᠠᠷᠠᠯ᠎ᠠ᠃    ᠪᠠᠷᠠᠭᠤᠨ ᠦᠵᠦᠮᠦᠴᠢᠨ ᠬᠤᠰᠢᠭᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠲᠥᠪ ᠤᠨ ᠪᠠᠴᠢᠮ ᠢ ᠠᠷᠭᠠᠴᠠᠨ ᠵᠠᠮ ᠨᠡᠪᠲᠡᠷᠡᠯᠭᠡ ᠶᠢ ᠪᠠᠲᠤᠯᠠᠬᠤ ᠲᠠᠰᠤᠭ ᠤᠨ ᠳᠠᠷᠤᠭ᠎ᠠ   ᠯᠢ ᠮᠢᠩ ᠬᠤᠢ᠄    ᠥᠷᠯᠥᠭᠡ 7 ᠴᠠᠭ ᠲᠤ ᠪᠢᠳᠡ ᠵᠠᠰᠠᠮᠠᠯ ᠵᠠᠮ ᠢ ᠴᠠᠭᠳᠠᠨ ᠪᠠᠶᠢᠴᠠᠭᠠᠬᠤ ᠠᠵᠢᠯᠲᠠᠨ ᠢ ᠲᠣᠮᠢᠯᠠᠵᠤ᠂ ᠤᠯᠤᠰ ᠤᠨ ᠵᠠᠮ ᠤᠨ 207  ᠪᠠ  ᠤᠯᠤᠰ ᠤᠨ ᠵᠠᠮ ᠤᠨ 306  ᠱᠤᠭᠤᠮ ᠳᠠᠭᠠᠤ ᠴᠠᠭᠳᠠᠨ  ᠪᠠᠶᠢᠴᠠᠭᠠᠯᠭᠠᠵᠤ᠂ ᠤᠯᠤᠰ ᠤᠨ ᠵᠠᠰᠠᠮᠠᠯ ᠵᠠᠮ ᠤᠨ 306 ᠱᠤᠭᠤᠮ ᠤᠨ K723 ᠺᠢᠯᠣᠮᠧᠲᠷ ᠤᠨ  ᠴᠠᠰᠤ ᠬᠤᠷᠠᠭᠰᠠᠨ ᠢ ᠮᠡᠳᠡᠵᠡᠢ᠃ ᠮᠠᠨ ᠤ ᠲᠥᠪ ᠠᠴᠠ ᠳᠠᠷᠤᠶᠢᠬᠠᠨ ᠬᠤᠶᠠᠷ ᠴᠠᠰᠤ ᠴᠡᠪᠡᠷᠯᠡᠬᠦ ᠮᠠᠰᠢᠨ ᠲᠤᠮᠢᠯᠠᠵᠤ ᠴᠠᠰᠤ ᠶᠢ ᠠᠷᠢᠯᠭᠠᠵᠤ᠂ ᠦᠳᠡ ᠶᠢᠨ ᠬᠤᠶᠢᠨ᠎ᠠ ᠶᠢᠨ ᠬᠤᠶᠠᠷ ᠴᠠᠭ ᠤᠨ ᠦᠶ᠎ᠡ ᠪᠠᠷ ᠴᠠᠰᠤ ᠶᠢ ᠠᠷᠢᠯᠭᠠᠵᠤ ᠳᠠᠭᠤᠰᠬᠠᠬᠤ ᠪᠠᠷ ᠪᠠᠶᠢᠨ᠎ᠠ᠃ ᠣᠯᠠᠨ ᠢᠶᠠᠷ ᠢᠶᠠᠨ ᠬᠢᠴᠢᠶᠡᠮᠵᠢᠲᠡᠢ ᠠᠶᠠᠯᠠᠬᠤ ᠶᠢ ᠬᠦᠰᠡᠵᠦ ᠪᠠᠶᠢᠨ᠎ᠠ᠃ᠴᠠᠭ ᠠᠭᠤᠷ ᠤᠨ ᠰᠠᠯᠠᠭ᠎ᠠ ᠮᠥᠴᠢᠷ ᠤᠨ ᠮᠡᠳᠡᠭᠡᠯᠡᠯ ᠢ ᠦᠨᠳᠦᠰᠦᠯᠡᠪᠡᠯ᠂ 26 ᠤ ᠰᠥᠨᠢ ᠠᠴᠠ 27 ᠤ ᠡᠳᠦᠷ ᠪᠣᠯᠲᠠᠯ᠎ᠠ ᠮᠠᠨ ᠤ ᠬᠤᠰᠢᠭᠤᠨ ᠳᠤ 1~2 ᠮᠢᠯᠢᠮᠧᠲᠷ ᠤᠨ ᠪᠠᠭ᠎ᠠ ᠴᠠᠰᠤ ᠣᠷᠣᠵᠤ᠂  ᠵᠠᠷᠢᠮ ᠭᠠᠵᠠᠷ ᠲᠤ ᠰᠢᠭᠤᠷᠭ᠎ᠠ ᠲᠠᠢ ᠴᠠᠭ ᠠᠭᠤᠷ ᠲᠣᠬᠢᠶᠠᠯᠳᠤᠨ᠎ᠠ᠃ ᠴᠠᠰᠤ ᠣᠷᠣᠭᠰᠠᠨ ᠤ ᠳᠠᠷᠠᠭ᠎ᠠ ᠠᠭᠠᠷ ᠤᠨ ᠳᠤᠯᠠᠭᠠᠨ 8℃ ᠣᠷᠴᠢᠮ ᠳᠣᠷᠣᠭᠰᠢᠯᠠᠵᠤ᠂ 29 ᠤ ᠡᠳᠦᠷ ᠤᠨ ᠥᠷᠯᠥᠭᠡ᠂ ᠬᠠᠮᠤᠭ ᠳᠣᠣᠷ᠎ᠠ ᠠᠭᠠᠷ ᠤᠨ ᠳᠤᠯᠠᠭᠠᠨ -30℃ ~ -25℃ ᠲᠤ ᠬᠦᠷᠬᠦ ᠪᠣᠯᠣᠨ᠎ᠠ᠃    ᠣᠳᠣ ᠶᠠᠭ ᠴᠠᠭᠠᠨ ᠰᠠᠷ᠎ᠠ ᠶᠢᠨ ᠵᠥᠭᠡᠭᠡᠪᠦᠷᠢ ᠶᠢᠨ ᠤᠷᠬᠢᠯ ᠬᠤᠭᠤᠴᠠᠭ᠎ᠠ ᠪᠣᠯᠬᠤᠷ᠂ ᠴᠠᠰᠤ ᠣᠷᠣᠵᠤ ᠠᠭᠠᠷ ᠤᠨ ᠳᠤᠯᠠᠭᠠᠨ ᠳᠣᠷᠣᠭᠰᠢᠯᠠᠬᠤ ᠴᠠᠭ ᠠᠭᠤᠷ ᠤᠨ ᠨᠥᠯᠥᠭᠡᠯᠡᠬᠦ ᠬᠡᠪᠴᠢᠶ᠎ᠡ ᠶᠡᠭᠡ  ᠲᠤᠯᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠣᠬᠢᠬᠤ ᠰᠡᠷᠭᠡᠶᠢᠯᠡᠯᠲᠡ ᠶᠢᠨ ᠠᠵᠢᠯ ᠢ ᠰᠠᠶᠢᠲᠤᠷ  ᠬᠢᠭᠡᠷᠡᠢ᠃ ᠪᠠᠰᠠ ᠴᠠᠰᠤᠨ ᠰᠢᠭᠤᠷᠭ᠎ᠠ ᠠᠴᠠ ᠪᠣᠯᠵᠤ ᠮᠠᠯ ᠠᠵᠤ ᠠᠬᠤᠢ ᠶᠢᠨ ᠦᠢᠯᠡᠳᠪᠦᠷᠢᠯᠡᠯ ᠵᠢᠴᠢ ᠵᠠᠮ ᠲᠡᠭᠡᠭᠡᠪᠦᠷᠢ ᠵᠡᠷᠭᠡ ᠳᠤ ᠠᠰᠢᠭ ᠦᠭᠡᠢ ᠨᠥᠯᠥᠭᠡ ᠦᠵᠡᠭᠦᠯᠬᠦ ᠪᠣᠣᠯᠴᠠᠭ᠎ᠠ ᠲᠠᠢ᠃ ᠴᠠᠰᠤ ᠲᠠᠢ ᠴᠠᠭ ᠠᠭᠤᠷ ᠠᠴᠠ ᠪᠣᠯᠵᠤ ᠵᠠᠮ ᠳᠤ ᠴᠠᠰᠤ ᠬᠤᠷᠠᠬᠤ ᠪᠤᠶᠤ ᠮᠥᠰᠥᠳᠦᠯ ᠡᠭᠦᠰᠬᠦ ᠲᠤᠯᠠ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠣᠯᠠᠨ ᠢᠶᠠᠷ ᠢᠶᠠᠨ ᠭᠠᠳᠠᠭᠰᠢ ᠭᠠᠷᠬᠤ ᠳᠠᠭᠠᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠴᠠᠭ ᠲᠤᠬᠠᠢ ᠳᠤᠨᠢ ᠠᠩᠬᠠᠷᠴᠤ᠂  ᠠᠶᠠᠯᠠᠬᠤ ᠲᠥᠯᠥᠪᠯᠡᠭᠡ ᠪᠠᠨ ᠵᠦᠢ ᠵᠣᠬᠢᠰᠲᠠᠢ ᠲᠣᠬᠢᠷᠠᠭᠤᠯᠬᠤ ᠶᠢ ᠰᠠᠨᠠᠭᠤᠯᠵᠤ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号